ᠰᠢᠨ᠎ᠡ ᠴᠠᠭ ᠦᠶ᠎ᠡ ᠶᠢᠨ ᠰᠢᠯᠢᠳᠡᠭ ᠡᠭᠦᠳᠦᠯᠲᠡ ᠲᠠᠢ ᠪᠦᠳᠦᠭᠡᠯ
ᠨᠡᠶᠢᠲᠡᠯᠡᠭᠰᠡᠨ ᠴᠠᠭ᠄
2025/1/14
     ᠦᠪᠴᠢ ᠳᠡᠯᠡᠭᠡᠢ ᠮᠦᠩᠭᠦᠨ ᠬᠤᠶᠠᠭ ᠢᠶᠠᠷ ᠴᠢᠮᠡᠭᠯᠡᠭᠳᠡᠵᠦ᠂ ᠥᠷᠭᠡᠨ ᠲᠥᠮᠡᠨ ᠪᠠᠶᠠᠷ ᠵᠢᠷᠭᠠᠯ ᠢᠶᠠᠷ ᠴᠡᠩᠭᠡᠯᠳᠦᠭᠰᠡᠨ ᠬᠦᠬᠡ ᠯᠤᠤ ᠵᠢᠯ ᠤᠨ ᠴᠠᠭᠠᠨ ᠰᠠᠷ᠎ᠠ ᠮᠤᠷᠢᠯᠠᠨ ᠰᠠᠭᠠᠲᠠᠬᠤ ᠳᠤ ︽ᠮᠢᠩᠭᠠᠨ ᠭᠠᠵᠠᠷ ᠤᠨ ᠬᠢᠯᠢ᠂ ᠮᠦᠩᠭᠦᠨ ᠡᠪᠦᠯ ᠤᠨ ᠦᠵᠦᠮᠦᠴᠢᠨ︾ — ᠵᠡᠭᠦᠨ ᠦᠵᠦᠮᠦᠴᠢᠨ ᠬᠤᠰᠢᠭᠤᠨ ᠤ ᠬᠦᠬᠡ ᠯᠤᠤ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠴᠡᠭᠡᠨ ᠬᠥᠰᠢᠭᠡᠨ ᠳᠤ ᠳᠡᠯᠭᠡᠭᠳᠡᠨ᠂ ᠮᠠᠨ ᠤ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠮᠣᠩᠭᠤᠯ ᠷᠠᠳᠢᠣ᠋᠂ ᠸᠢᠴᠠᠲ ᠲᠠᠪᠴᠠᠩ ᠪᠣᠯᠣᠨ ︽ᠳᠤᠷᠠᠨ ᠬᠠᠩᠭᠠᠢ︾ ᠲᠢᠺ ᠲᠤᠺ ᠲᠠᠪᠴᠠᠩ ᠢᠶᠠᠷ ᠦᠵᠡᠭᠴᠢ ᠰᠣᠨᠣᠰᠤᠭᠴᠢ ᠲᠥᠮᠡᠨ ᠤ ᠪᠠᠨ ᠭᠡᠭᠡᠨ ᠮᠡᠯᠮᠡᠢ ᠶᠢ ᠮᠢᠯᠢᠶᠠᠭᠰᠠᠨ ᠶᠤᠮ᠃      ᠲᠤᠰ ᠦᠳᠡᠰᠢᠯᠡᠭᠡ ᠶᠢ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠶᠢᠨ ᠤᠷᠴᠢᠭᠤᠯᠤᠨ ᠦᠢᠯᠡᠳᠬᠦ ᠲᠥᠪ ᠠᠴᠠ ᠬᠠᠮᠳᠤᠷᠠᠨ ᠲᠦᠰᠦᠪᠯᠡᠵᠦ᠂ ᠭᠤᠷᠪᠠᠨ ᠰᠠᠷ᠎ᠠ ᠭᠠᠷᠤᠢ ᠶᠢᠨ ᠴᠠᠭ ᠵᠠᠷᠤᠴᠠᠭᠤᠯᠤᠨ ᠦᠵᠦᠮᠦᠴᠢᠨ ᠨᠤᠳᠤᠭ ᠤᠨ ᠪᠠᠶᠢᠭᠠᠯᠢ ᠶᠢᠨ ᠦᠵᠡᠮᠵᠢ᠂ ᠠᠵᠤ ᠠᠮᠢᠳᠤᠷᠠᠯ᠂ ᠰᠤᠶᠤᠯ ᠵᠠᠩᠰᠢᠯ ᠢ ᠰᠡᠭᠦᠳᠡᠷᠯᠡᠭᠰᠡᠨ ᠤ ᠬᠠᠮᠲᠤ᠂ ᠤᠷᠠᠨ ᠰᠠᠶᠢᠬᠠᠨ ᠤ ᠲᠤᠭᠯᠠᠯᠲᠠ ᠶᠢ ᠲᠦᠰᠦᠪᠯᠡᠨ ᠲᠤᠭᠳᠠᠭᠠᠬᠤ᠂ ᠰᠢᠨ᠎ᠡ ᠪᠠᠷ ᠵᠤᠬᠢᠶᠠᠵᠤ ᠨᠠᠶᠢᠷᠠᠭᠤᠯᠬᠤ᠂ ᠠᠬᠤᠢ ᠲᠠᠯᠠᠪᠠᠢ ᠶᠢ ᠪᠠᠶᠢᠷᠢᠰᠢᠭᠤᠯᠬᠤ᠂ ᠠᠷᠤ ᠦᠵᠡᠭᠳᠡᠯ ᠢ ᠵᠤᠬᠢᠴᠠᠭᠤᠯᠬᠤ ᠵᠡᠷᠭᠡ ᠨᠦᠷᠢ ᠶᠡᠭᠡ ᠬᠦᠳᠡᠯᠮᠦᠷᠢ ᠪᠠᠷ ᠢᠶᠠᠨ ︽ᠬᠦᠰᠡᠯ᠂ ᠵᠢᠷᠭᠠᠯ᠂ ᠪᠠᠷᠠᠯᠠᠯ︾ ᠭᠡᠬᠦ ᠭᠤᠷᠪᠠᠨ  ᠨᠠᠶᠢᠷᠠᠮᠵᠢ   ᠲᠠᠢ  ᠬᠤᠷᠢᠨ  ᠵᠢᠷᠭᠤᠭᠠᠨ  ᠲᠤᠭᠯᠠᠯᠲᠠ  ᠪᠤᠯᠤᠨ ︽ᠮᠤᠩᠭᠤᠯ ᠭᠡᠷ ᠲᠤ︾᠂ ︽ᠠᠳᠤᠭᠤᠨ ᠤ ᠳᠡᠷᠭᠡᠲᠡ︾ ᠬᠤᠶᠠᠷ ᠬᠤᠪᠢᠶᠠᠷᠢ ᠲᠠᠯᠠᠪᠠᠢ ᠶᠢ ᠪᠠᠭᠳᠠᠭᠠᠭᠰᠠᠨ ︽ᠨᠤᠳᠤᠭ᠂ ᠰᠡᠳᠭᠢᠯ᠂ ᠪᠠᠭ᠋ᠠᠷᠬᠠᠯ︾ ︽ᠵᠤᠯᠭᠠᠯᠲᠠ︾ ︽ᠪᠠᠶᠠᠷᠯᠠᠯ︾ ︽ᠪᠠᠭ᠋ᠠᠷᠬᠠᠯ︾ ︽ᠪᠠᠭ᠋ᠠᠳᠤᠯ︾ ᠭᠡᠬᠦ ᠲᠡᠪᠤᠨ ᠤᠬᠤᠷ ᠹᠢᠯᠢᠮ ᠢ ᠰᠡᠭᠦᠳᠡᠷᠯᠡᠨ ᠬᠠᠪᠰᠤᠷᠭᠠᠭᠰᠠᠨ ᠰᠢᠨ᠎ᠡ ᠡᠭᠦᠳᠦᠯᠲᠡ ᠲᠠᠢ ᠤᠷᠠᠨ ᠪᠦᠳᠦᠭᠡᠯ ᠢᠶᠠᠨ ᠦᠵᠡᠭᠴᠢᠳ ᠲᠤ ᠪᠠᠨ ᠲᠣᠯᠢᠯᠠᠭᠤᠯᠵᠠᠢ᠃      ᠦᠳᠡᠰᠢᠯᠡᠭᠡ ᠶᠢᠨ ᠪᠦᠳᠦᠭᠡᠯ ᠤᠳ ᠨᠢ ᠠᠷᠠᠳ ᠤᠨ ᠠᠮᠠᠨ ᠤᠯᠠᠮᠵᠢᠯᠠᠯ ᠤᠨ ᠪᠠᠶᠠᠨ ᠰᠠᠩ ᠠᠴᠠ ᠰᠢᠮ᠎ᠡ ᠬᠦᠷᠲᠡᠵᠦ᠂ ᠠᠬᠠᠮᠠᠳ ᠤᠷᠠᠯᠢᠭᠴᠢᠳ ᠤᠨ ᠠᠯᠳᠠᠷᠲᠤ ᠦᠪ ᠢ ᠤᠯᠠᠮᠵᠢᠯᠠᠭᠰᠠᠨ᠂ ᠰᠢᠨ᠎ᠡ ᠪᠠᠷ ᠵᠤᠬᠢᠶᠠᠵᠤ ᠰᠢᠨᠡᠴᠢᠯᠡᠨ ᠨᠠᠶᠢᠷᠠᠭᠤᠯᠤᠭᠰᠠᠨ᠂ ᠰᠢᠨᠡᠯᠢᠭ ᠰᠡᠪᠡᠭᠦᠨ ᠤᠷᠤᠰᠬᠠᠯ ᠲᠠᠭᠤᠤ ᠶᠢ ᠬᠠᠪᠰᠤᠷᠭᠠᠭᠰᠠᠨ᠂ ᠰᠢᠨ᠎ᠡ ᠴᠠᠭ ᠦᠶ᠎ᠡ ᠳᠤ ᠤᠯᠠᠮᠵᠢᠯᠠᠯ ᠵᠠᠯᠭᠠᠮᠵᠢᠯᠠᠯ ᠢ ᠲᠤᠰᠬᠠᠭᠰᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ᠂ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠬᠤ ᠳᠤ ᠢᠳᠡᠪᠬᠢᠲᠡᠢ ᠦᠢᠯᠡᠳᠦᠯ ᠢᠶᠠᠨ ᠦᠵᠡᠭᠦᠯᠦᠭᠰᠡᠨ ᠶᠤᠮ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号