ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠮᠡᠳᠡᠭᠳᠡᠯ
ᠨᠡᠶᠢᠲᠡᠯᠡᠭᠰᠡᠨ ᠴᠠᠭ᠄
2025/1/15
     ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ᠂ 2025 ᠣᠨ ᠤ 1 ᠰᠠᠷ᠎ᠠ ᠠᠴᠠ ᠡᠬᠢᠯᠡᠨ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠲᠣᠭᠠᠴᠠᠭ᠎ᠠ ᠡᠷᠳᠡᠨᠢ ᠵᠢᠵᠢᠭ ᠫᠷᠤᠭ᠍ᠷᠠᠮ ︵支付宝小程︶ ᠳᠤ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ ᠬᠢᠵᠦ ᠪᠣᠯᠤᠨ᠎ᠠ ᠭᠡᠪᠡ᠃      ᠵᠢᠵᠢᠭ ᠫᠷᠤᠭ᠍ᠷᠠᠮ ᠳᠤ ᠭᠡᠷᠡᠴᠢᠯᠡᠭᠡ ᠬᠢᠬᠦ ᠶᠢᠨ ᠠᠯᠬᠤᠮ ᠳᠠᠷᠠᠭ᠎ᠠ      ᠨᠢᠭᠡᠳᠦᠭᠡᠷ ᠠᠯᠬᠤᠮ᠄ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︾ ᠶᠢᠨ ᠵᠢᠵᠢᠭ ᠫᠷᠤᠭ᠍ᠷᠠᠮ ᠢ ᠬᠠᠶᠢᠨ ᠡᠷᠢᠬᠦ ᠶᠢᠨ ᠬᠠᠮᠲᠤ ᠲᠡᠭᠦᠨ ᠢ ᠲᠤᠪᠰᠢᠵᠦ ᠣᠷᠣᠨ᠎ᠠ᠃      ᠬᠤᠶᠠᠳᠤᠭᠠᠷ ᠠᠯᠬᠤᠮ᠄ ︽ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ︾ ᠢ ᠰᠣᠩᠭᠤᠨ᠎ᠠ᠃      ᠭᠤᠷᠪᠠᠳᠤᠭᠠᠷ ᠠᠯᠬᠤᠮ᠄ ᠭᠡᠷᠡᠴᠢᠯᠡᠭᠡ ᠬᠢᠬᠦ ᠬᠦᠮᠦᠨ ᠤ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠭᠠᠷ ᠤᠲᠠᠰᠤᠨ ᠤ ᠨᠣᠮᠧᠷ ᠢ ᠪᠢᠴᠢᠵᠦ ᠤᠷᠤᠭᠤᠯᠤᠭᠠᠳ ᠭᠡᠷᠡᠴᠢᠯᠡᠭᠡ ᠬᠢᠬᠦ ᠶᠢ ᠲᠤᠪᠰᠢᠵᠦ᠂ ᠵᠢᠰᠦ ᠴᠢᠷᠠᠶ ᠪᠠᠨ ᠢᠯᠭᠠᠨ ᠲᠠᠨᠢᠭᠤᠯᠵᠤ᠂ ᠨᠤᠳᠠᠯᠠᠨ ᠭᠡᠷᠡᠴᠢᠯᠡᠭᠰᠡᠨ ᠤ ᠳᠠᠷᠠᠭ᠎ᠠ ᠭᠡᠷᠡᠴᠢᠯᠡᠭᠡ ᠬᠢᠭᠰᠡᠨ ᠦᠷ᠎ᠡ ᠳ᠋ᠦᠩ ᠢ ᠴᠢᠨᠢ ᠪᠤᠴᠠᠭᠠᠨ ᠶᠠᠪᠤᠭᠤᠯᠵᠤ᠂ ᠨᠤᠳᠠᠯᠠᠨ ᠭᠡᠷᠡᠴᠢᠯᠡᠭᠰᠡᠨ ᠨᠢ ᠪᠦᠳᠦᠭᠰᠡᠨ ᠢ ᠰᠠᠨᠠᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号