ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠤᠨ᠎ᠠ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ | ︵2024 -2035 ᠣᠨ︶︾ ︵ᠳᠣᠷᠣᠭᠰᠢ ︽ᠬᠥᠲᠥᠯᠪᠦᠷᠢ︾ ᠭᠡᠵᠦ ᠳᠥᠭᠦᠮᠴᠢᠯᠡᠨ᠎ᠡ︶ ᠳᠠᠷᠤᠮᠠᠯᠯᠠᠨ ᠲᠠᠷᠬᠠᠭᠠᠵᠤ᠂ | 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠬᠠᠷᠠᠯᠲᠠ ᠳᠤ | ᠬᠠᠨᠳᠤᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠲᠤᠬᠠᠢ ᠪᠦᠭᠦ | ᠲᠠᠯ᠎ᠠ ᠶᠢᠨ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ | ︽ᠬᠥᠲᠥᠯᠪᠦᠷᠢ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ | ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠤᠷᠭᠠᠨ | ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ | ᠴᠢᠨᠠᠷ ᠢ ᠪᠦᠭᠦ ᠲᠠᠯ᠎ᠠ ᠪᠠᠷ ᠡᠵᠡᠮᠰᠢᠵᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠢ | ᠬᠥᠮᠥᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠦᠭᠦ | ᠲᠠᠯ᠎ᠠ ᠪᠠᠷ ᠦᠢᠯᠡᠴᠢᠯᠡᠵᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ ᠰᠤᠷᠭᠠᠨ ᠬᠥᠮᠦᠵᠢᠯ ᠡᠷᠭᠢᠯᠡᠵᠦ᠂ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ | ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ | ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ | ᠬᠠᠮᠵᠢᠯᠴᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠡᠷᠬᠡ ᠲᠡᠭᠰᠢ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠳᠣᠪᠤᠶᠢᠯᠭᠠᠵᠤ᠂ ᠪᠠᠶᠢᠯᠳᠤᠬᠤ | ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢ ᠲᠤᠯᠭᠠᠭᠤᠷᠢᠯᠠᠬᠤ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠬᠠᠮᠵᠢᠯᠴᠠᠨ ᠠᠭᠤᠰᠤᠯᠴᠠᠬᠤ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠥᠪᠡᠷ ᠢ ᠪᠠᠨ | ᠢᠲᠡᠭᠡᠬᠦ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ | ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢᠨ | ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ | ᠬᠠᠩᠭᠠᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ | ᠭᠠᠵᠠᠷ ᠲᠤ ᠦᠨᠳᠦᠰᠦᠯᠡᠬᠦ ᠪᠠ ᠣᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠬᠠᠷᠢᠴᠠᠭ᠎ᠠ ᠶᠢ ᠵᠥᠪ ᠢᠶᠠᠷ | ᠰᠢᠢᠳᠪᠦᠷᠢᠯᠡᠵᠦ᠂ ᠦᠨᠳᠦᠰᠦ ᠶᠢ ᠪᠠᠬᠢᠵᠢᠭᠦᠯᠦᠨ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠥᠷᠥ ᠶᠢᠨ | ᠬᠥᠮᠦᠵᠢᠯ ᠤᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ | ᠬᠥᠮᠦᠵᠢᠯ ᠤᠨ ᠰᠢᠰᠲ᠋ᠧᠮ᠂ ᠥᠪᠡᠷ ᠢ ᠪᠠᠨ ᠬᠦᠴᠦᠷᠬᠡᠭᠵᠢᠭᠦᠯᠬᠦ ᠭᠠᠷᠮᠠᠭᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠢᠰᠲ᠋ᠧᠮ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠢᠰᠲ᠋ᠧᠮ᠂ ᠲᠦᠭᠡᠮᠡᠯ ᠬᠦᠷᠲᠡᠭᠡᠬᠦ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮ᠂ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ᠂ | ᠬᠡᠪ ᠴᠢᠨᠠᠷ ᠰᠢᠯᠢᠳᠡᠭ ᠰᠠᠶᠢᠨ ᠪᠠᠭᠰᠢ ᠶᠢᠨ ᠡᠩᠨᠡᠭᠡᠨ ᠤ ᠰᠢᠰᠲ᠋ᠧᠮ᠂ ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭᠠᠬᠰᠠᠨ | ᠣᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠶᠡᠭᠡ ᠠᠴᠠ ᠬᠦᠴᠦᠷᠬᠡᠭ ᠪᠤᠯᠬᠤ | ᠰᠢᠰᠲ᠋ᠧᠮ ᠲᠠᠢ ᠥᠭᠡᠳᠡᠯᠡᠯᠲᠡ ᠳᠠᠪᠰᠢᠯᠳᠠ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃ | ︽ᠬᠥᠲᠥᠯᠪᠦᠷᠢ︾ ᠳᠤ 2027 ᠣᠨ ᠪᠠ 2035 ᠣᠨ ᠪᠤᠯᠲᠠᠯᠠᠭᠢ ᠭᠤᠣᠯ ᠬᠠᠷᠠᠯᠲᠠ ᠶᠢ ᠲᠣᠳᠣᠷᠬᠠᠶᠢᠯᠠᠵᠤ᠂ 9 | ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠰᠢᠨ᠎ᠡ | ᠪᠠᠶᠢᠷᠢᠰᠢᠯ ᠢ ᠪᠤᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ | ᠰᠢᠨ᠎ᠡ ᠬᠥᠮᠥᠨ ᠭᠦᠮᠥᠵᠢᠭᠦᠯᠦᠨᠡ︔ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠷᠠᠳ | ᠢᠷᠭᠡᠳ ᠤᠨ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ | ᠪᠠᠭᠢᠵᠢᠭᠦᠯᠦᠨ᠎ᠡ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ | ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ ᠢ ᠪᠠᠶᠢᠭᠤᠯᠤᠨ᠎ᠠ︔ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ | ᠲᠤᠯᠭᠠᠭᠤᠷᠢᠯᠠᠨ᠎ᠠ︔ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ | ᠪᠠᠶᠢᠭᠤᠯᠵᠤ᠂ ᠲᠣᠮᠣ ᠤᠯᠤᠰ ᠤᠨ ᠤᠷᠠᠨ ᠲᠠᠷᠬᠠᠨ᠂ ᠤᠷ᠎ᠠ ᠮᠡᠷᠭᠡᠵᠢᠯᠲᠦ ᠳᠠᠷᠬᠠᠨ᠂ ᠳᠡᠭᠡᠳᠦ ᠤᠷ᠎ᠠ ᠮᠡᠷᠭᠡᠰᠢᠯᠳᠦ | ᠴᠢᠳᠠᠪᠤᠷᠢᠲᠠᠨ ᠢ ᠭᠦᠮᠥᠵᠢᠭᠦᠯᠦᠨᠡ︔ ᠰᠤᠷᠤᠯᠴᠠᠬᠤ ᠭᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ | ᠲᠣᠭᠠᠴᠢᠯᠠᠯᠲᠠ ᠪᠠᠷ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠨ᠎ᠠ︔ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠰᠠᠭᠤᠷᠢ ᠶᠢ ᠪᠠᠲᠤᠳᠬᠠᠨ᠎ᠠ︔ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠭᠵᠢᠭᠡᠨ᠎ᠡ︔ ᠰᠤᠷᠭᠠᠨ | ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠭᠦ | ᠪᠥᠮᠪᠥᠷᠴᠡᠭ ᠤᠨ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ | ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ | ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ | ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠦᠷᠦ ᠶᠢᠨ ᠠᠮᠤᠷ | ᠲᠦᠪᠰᠢᠨ ᠬᠢᠭᠡᠳ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ ᠲᠥᠪ ᠤᠨ ᠰᠤᠷᠭᠠᠨ | ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ | ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠢᠨᠠᠨ | ᠰᠢᠯᠭᠠᠵᠤ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠦᠭᠦ ᠨᠡᠶᠢᠭᠡᠮ ᠢᠶᠠᠷ ᠢᠶᠠᠨ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ | ᠣᠷᠴᠢᠨ ᠲᠣᠭᠤᠷᠢᠨ ᠢ ᠪᠤᠢ ᠪᠤᠯᠭᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠭᠰᠠᠨ ᠬᠥᠮᠥᠨ ᠬᠥᠮᠥᠵᠢᠭᠦᠯᠬᠦ | ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠦᠴᠦᠷᠬᠡᠭ | ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ |