ᠵᠠᠩ ᠪᠠᠢ ᠴᠧᠩ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2025/1/24
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠭᠰᠠᠨ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠭᠰᠡᠨ ᠪᠥᠭᠡᠳ ᠬᠢᠨᠠᠨ ᠵᠥᠪᠯᠡᠬᠦ ᠳᠤ ᠣᠷᠣᠯᠴᠠᠪᠠ᠃      ᠵᠠᠩ ᠪᠠᠢ ᠴᠧᠩ ᠭᠡᠯᠡᠭᠦ ᠳᠡᠭᠡᠨ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠤᠯᠤᠰ ᠲᠦᠷᠦ ᠶᠢᠨ ᠵᠣᠭᠰᠣᠴᠠ ᠥᠨᠳᠥᠷ᠂ ᠠᠵᠢᠯ ᠢ ᠪᠣᠳᠠᠲᠠᠢ ᠳ᠋ᠦᠩᠨᠡᠵᠦ᠂ ᠰᠡᠳᠬᠢᠮᠵᠢ ᠠᠷᠭ᠎ᠠ ᠬᠡᠮᠵᠢᠶ᠎ᠡ ᠲᠣᠳᠣᠷᠬᠠᠢ᠂ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠨ ᠲᠡᠮᠡᠴᠡᠭᠰᠡᠨ ᠰᠠᠶᠢᠨ ᠢᠯᠡᠳᠬᠡᠯ ᠪᠣᠯᠵᠠᠢ ᠭᠡᠪᠡ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠲᠠᠶᠠᠭᠠᠷ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠡᠷᠢᠭᠦᠯᠡᠭᠴᠢ ᠸᠠᠩ ᠯᠢ ᠰᠢᠶᠠ ᠶᠢᠨ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾  ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠨᠡᠩ ᠢᠯᠡᠭᠦᠦ ᠬᠦᠴᠦᠨ ᠴᠢᠳᠠᠯ ᠢᠶᠠᠨ ᠡᠷᠭᠦᠭᠦ ᠭᠡᠷᠡᠭᠳᠡᠢ᠃ ᠵᠣᠷᠢᠭᠲᠠᠢ ᠰᠡᠳᠬᠢᠵᠦ ᠵᠣᠷᠢᠭᠲᠠᠢ ᠡᠵᠢᠯᠯᠠᠨ᠂ ᠵᠣᠷᠢᠭᠲᠠᠢ ᠬᠢᠵᠦ ᠵᠣᠷᠢᠭᠲᠠᠢ ᠡᠭᠦᠳᠬᠦ ᠡᠷᠡᠰ ᠵᠣᠷᠢᠭ ᠪᠣᠯᠣᠨ ᠬᠠᠷᠢᠭᠤᠴᠠᠯᠭ᠎ᠠ ᠪᠠᠷ ᠤᠳᠤ ᠦᠶ᠎ᠡ ᠶᠢᠨ ᠡᠨᠧᠷᠭᠢ ᠶᠢᠨ ᠠᠵᠤ ᠠᠬᠤᠢ᠂ ᠤᠳᠤ ᠦᠶ᠎ᠡ ᠶᠢᠨ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠭᠠᠳᠠᠭᠠᠳᠤ ᠨᠡᠭᠡᠭᠡᠯᠲᠡ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠲᠣᠭᠲᠠᠭᠤᠨ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯ ᠤᠨ ᠬᠦᠷᠢᠶ᠎ᠡ ᠪᠣᠯᠣᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号