ᠣᠷᠴᠢᠮ᠂ ᠰᠢᠯᠢ ᠶᠢᠨ ᠭᠤᠣᠯ ᠠᠶᠢᠮᠠᠭ 2025 ᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤ | ᠬᠤᠷᠠᠯ ᠬᠤᠷᠠᠯᠳᠤᠭᠤᠯᠵᠤ᠂ 2024 ᠣᠨ ᠤ ᠴᠡᠷᠢᠭ ᠡᠯᠰᠡᠬᠦ ᠠᠵᠢᠯ ᠢ ᠪᠦᠬᠦ ᠲᠠᠯ᠎ᠠ ᠪᠠᠷ ᠳ᠋ᠦᠩᠨᠡᠨ᠂ 2025 | ᠣᠨ ᠤ ᠴᠡᠷᠢᠭ ᠡᠯᠰᠡᠬᠦ ᠡᠭᠦᠷᠭᠡ ᠶᠢ ᠪᠠᠶᠢᠷᠢᠯᠠᠭᠤᠯᠪᠡ᠃ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ | ᠲᠣᠭᠤᠷᠢᠭ ᠤᠨ ᠺᠤᠮᠠᠨᠳ᠋ᠯᠠᠭᠴᠢ ᠯᠢᠦ ᠯᠧᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠴᠡᠷᠢᠭ ᠤᠨ | ᠬᠤᠪᠢᠶᠠᠷᠢ ᠲᠣᠭᠤᠷᠢᠭ ᠤᠨ ᠺᠣᠮᠢᠰᠰᠠᠷ ᠶᠠᠩ ᠭᠤᠸᠠᠩ ᠮᠢᠨ᠂ ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ | ᠬᠤᠷᠠᠯ ᠳᠤ ᠣᠷᠣᠯᠴᠠᠵᠤ᠂ ᠠᠶᠢᠮᠠᠭ ᠤᠨ ᠴᠡᠷᠢᠭ ᠡᠯᠰᠡᠬᠦ ᠠᠯᠪᠠᠨ ᠭᠡᠷ ᠤᠨ ᠡᠷᠬᠢᠯᠡᠭᠴᠢ᠂ ᠴᠡᠷᠢᠭ ᠤᠨ ᠬᠤᠪᠢᠶᠠᠷᠢ | ᠲᠣᠭᠤᠷᠢᠭ ᠤᠨ ᠳᠡᠳ᠋ ᠺᠤᠮᠠᠨᠳ᠋ᠯᠠᠭᠴᠢ ᠰᠢᠨ ᠴᠢᠶᠠᠩ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠬᠤ ᠳᠠᠭᠠᠨ᠂ 2024 ᠣᠨ ᠳᠤ ᠪᠦᠬᠦ ᠠᠶᠢᠮᠠᠭ ᠤᠨ ᠡᠯ᠎ᠡ ᠱᠠᠲᠤᠨ ᠤ ᠬᠢᠨ ᠳᠡᠭᠡᠳᠦ | ᠱᠠᠲᠤᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠴᠡᠷᠢᠭ ᠤᠨ ᠶᠠᠰᠤ | ᠴᠢᠨᠠᠷ ᠢ ᠳᠡᠭᠡᠭᠰᠢᠯᠡᠭᠦᠯᠬᠦ᠂ ᠲᠠᠪᠤᠨ ᠨᠤᠷᠮ᠎ᠠ ᠶᠢ ᠪᠠᠳᠤᠯᠠᠵᠦ ᠲᠡᠷᠢᠭᠦᠨ ᠤ ᠬᠢ ᠪᠤᠯᠬᠤ᠂ ᠠᠷᠢᠭᠤᠨ ᠴᠢᠬᠡᠴᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠬᠤ ᠪᠠᠷ ᠭᠤᠣᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ | ᠰᠢᠯᠭᠠᠷᠠᠭᠤᠯᠤᠨ ᠡᠯᠰᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠤᠨᠴᠠᠭᠠᠶᠢᠯᠠᠨ ᠡᠯᠰᠡᠭᠰᠡᠨ 225 | ᠡᠷᠡᠭᠲᠡᠢ ᠴᠡᠷᠢᠭ ᠤᠨ ᠳᠣᠲᠣᠷ᠎ᠠ᠂ ᠡᠯ᠎ᠡ ᠲᠥᠷᠥᠯ ᠤᠨ ᠲᠡᠭᠦᠰᠬᠦ ᠰᠤᠷᠤᠭᠴᠢᠳ ᠤᠨ ᠡᠯᠰᠡᠭᠰᠡᠨ ᠬᠠᠷᠢᠴᠠᠯ 94.2% | ᠬᠦᠷᠴᠦ᠂ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠴᠡᠷᠢᠭ ᠡᠯᠰᠡᠬᠦ ᠲᠠᠪᠤᠨ ᠨᠣᠷᠮ᠎ᠠ | ᠶᠢᠨ ᠰᠢᠯᠭᠠᠨ ᠦᠨᠡᠯᠡᠯᠲᠡ ᠨᠢ ᠪᠥᠬᠦ ᠣᠷᠣᠨ ᠤ ᠨᠢᠭᠡᠳᠦᠭᠡᠷ ᠱᠠᠲᠤᠨ ᠤ ᠡᠩᠨᠡᠭᠡ ᠳᠤ ᠯᠠᠪᠳᠠᠭᠤᠨ ᠣᠷᠣᠵᠤ᠂ ᠡᠯ᠎ᠡ | ᠲᠥᠷᠥᠯ ᠤᠨ ᠲᠡᠭᠦᠰᠬᠦ ᠰᠣᠷᠣᠭᠴᠢ ᠶᠢᠨ ᠡᠯᠰᠡᠭᠰᠡᠨ ᠲᠤᠭ᠎ᠠ ᠬᠡᠮᠵᠢᠶ᠎ᠡ ᠪᠠ ᠬᠠᠷᠢᠴᠠᠯ ᠭᠤᠷᠪᠠᠨ ᠵᠢᠯ ᠳᠠᠷᠠᠭᠠᠯᠠᠨ | ᠬᠤᠣᠰ ᠨᠡᠮᠡᠭᠳᠡᠯ ᠢ ᠪᠠᠲᠤᠯᠠᠭᠰᠠᠨ ᠪᠥᠭᠡᠳ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠲᠠᠯ᠎ᠠ ᠪᠠᠷ | ᠮᠡᠳᠡᠭᠳᠡᠮ᠎ᠠ ᠦᠷ᠎ᠡ ᠪᠦᠲᠦᠮᠵᠢ ᠤᠯᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ 2025 ᠣᠨ ᠤ ᠴᠡᠷᠢᠭ ᠡᠯᠰᠡᠬᠦ ᠠᠵᠢᠯ ᠳᠤ ᠪᠠᠶᠢᠳᠠᠯ | ᠬᠠᠨᠳᠤᠰᠢ ᠶᠢ ᠲᠣᠳᠣᠷᠬᠠᠢ ᠲᠠᠨᠢᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠤ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠤᠬᠠᠭᠤᠯᠤᠨ ᠳᠠᠶᠢᠴᠢᠯᠠᠵᠤ᠂ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠪᠦᠬᠦ ᠶᠠᠪᠤᠴᠠ ᠳᠤ ᠭᠤᠣᠯ ᠭᠤᠭᠴᠤᠭ᠎ᠠ ᠶᠢ ᠳᠠᠭᠠᠵᠤ᠂ | ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭ᠎ᠠ ᠠᠩᠬᠠᠷᠬᠤ ᠬᠡᠷᠡᠭᠲᠡᠢ᠃ ᠡᠯ᠎ᠡ ᠱᠠᠲᠤᠨ ᠤ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠬᠠᠨᠳᠤᠰᠢ ᠶᠢ ᠣᠨᠣᠪᠴᠢᠲᠠᠢ ᠡᠵᠡᠮᠳᠡᠨ᠂ ᠴᠡᠷᠢᠭ ᠡᠯᠰᠡᠬᠦ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ | ᠡᠭᠦᠨ ᠤ ᠬᠠᠮᠲᠤ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠬᠦ ᠶᠢ ᠲᠣᠪᠤᠶᠢᠯᠭᠠᠨ᠂ ᠴᠡᠷᠢᠭ ᠡᠯᠰᠡᠬᠦ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠠᠷᠢᠭᠤᠨ | ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠳᠡᠭ ᠴᠡᠷᠢᠭ ᠡᠯᠰᠡᠬᠦ ᠭᠤᠣᠯᠯᠠᠭᠴᠢ ᠬᠦᠴᠦᠨ ᠢ ᠬᠥᠮᠥᠵᠢᠭᠦᠯᠵᠦ᠂ | ᠪᠥᠬᠦ ᠠᠶᠢᠮᠠᠭ ᠤᠨ ᠴᠡᠷᠢᠭ ᠡᠯᠰᠡᠬᠦ ᠠᠵᠢᠯ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ ᠬᠠᠩᠭᠠᠨ᠂ ᠴᠡᠷᠢᠭ | ᠡᠯᠰᠡᠬᠦ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠪᠡ᠃ | ᠣᠷᠴᠢᠭᠤᠯᠣᠭᠴᠢ᠄ ᠣᠶᠣᠩᠬᠤᠸᠠᠷ | |