ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ ᠤᠨ ᠲᠤᠬᠠᠶ ᠮᠡᠳᠡᠭᠦᠯᠦᠯᠳᠡ
ᠨᠡᠶᠢᠲᠡᠯᠡᠭᠰᠡᠨ ᠴᠠᠭ᠄
2025/1/24
 ᠲᠡᠷᠢᠭᠦᠯᠡᠭᠴᠢ ᠨᠠᠷ᠂ ᠭᠡᠰᠢᠭᠦᠳ ᠡ᠄        ᠳᠤᠤᠷ᠎ᠠ᠂ ᠪᠢ ᠵᠠᠬᠢᠷᠭ᠎ᠠ ᠶᠢᠨ ᠡᠮᠦᠨ᠎ᠡ ᠠᠴᠠ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠬᠦᠯᠦᠯᠳᠡ ᠶᠢᠨ ᠪᠠᠶᠢᠳᠠᠯ ᠢ ᠮᠡᠳᠡᠭᠳᠡᠶ᠎ᠡ᠂ ᠲᠡᠷᠢᠭᠦᠯᠡᠭᠴᠢ ᠨᠠᠷ᠂ ᠭᠡᠰᠢᠭᠦᠳ ᠪᠣᠯᠤᠨ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠤᠭᠠᠷᠠᠶ᠃      ᠨᠢᠭᠡ᠂ 2024 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠦᠨᠳᠦ ᠶᠡᠭᠡ ᠡᠭᠦᠷᠭᠡ ᠶᠢᠨ ᠡᠮᠦᠨ᠎ᠡ᠂ ᠪᠥᠬᠦ ᠠᠶᠢᠮᠠᠭ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ︽ᠨᠢᠭᠡ ᠭᠤᠤᠯ ᠰᠢᠵᠢᠮ︾ ᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ  ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠬᠦᠴᠢᠷ ᠤᠨ ᠳᠤᠮᠳᠠ ᠠᠮᠵᠢᠯᠲᠠ ᠤᠯᠬᠤ ᠶᠢ ᠪᠠᠷᠢᠮᠲᠠᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠢ ᠠᠯᠬᠤᠭ᠎ᠠ ᠶᠢ ᠠᠯᠬᠤᠵᠠᠢ  ᠃      ᠨᠢᠭᠡ ᠵᠢᠯ ᠤᠨ ᠲᠤᠷᠰᠢ᠂ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠣᠭᠳᠠᠪᠣᠷᠢᠲᠠᠢ ᠨᠡᠮᠡᠭᠳᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 4 % ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 11 % ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 6.8 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ  ᠪᠣᠯᠬᠤᠶᠢᠴᠢ ᠣᠷᠣᠯᠭ᠎ᠠ ᠶᠢ ᠲᠣᠰ ᠲᠣᠰ 4.5 % ᠪᠠ 8 % ᠪᠠᠷ ᠨᠡᠮᠡᠭᠳᠡᠭᠦᠯᠪᠡ᠃ ᠲᠥᠷᠥ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠳᠠ ᠲᠣᠪᠤᠶᠢᠮ᠎ᠠ ᠦᠷ᠎ᠡ ᠪᠦᠲᠦᠮᠵᠢ ᠣᠯᠵᠤ᠂  ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ 205 ᠲᠦᠷᠦᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠪᠠ᠃ ᠡᠯ᠎ᠡ ᠲᠥᠷᠥᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ 215.7 ᠳ᠋ᠦᠩᠰᠢᠭᠤᠷ ᠲᠥᠭᠦᠷᠢᠭ᠂ ᠡᠯ᠎ᠡ ᠲᠥᠷᠥᠯ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 72 ᠳ᠋ᠦᠩᠰᠢᠭᠤᠷ ᠲᠥᠭᠦᠷᠢᠭ ᠴᠢᠷᠮᠠᠶᠢᠨ ᠣᠯᠪᠠ᠃ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠠᠶᠢᠳᠠᠯ ᠡᠷᠴᠢᠮᠲᠡᠶ ᠪᠠᠶᠢᠵᠤ᠂ 425 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ160 ᠴᠢᠬᠤᠯᠠ ᠶᠡᠭᠡ ᠲᠥᠷᠥᠯ ᠵᠦᠢᠯ ᠢ ᠭᠡᠷᠡᠭᠵᠢᠭᠦᠯᠦᠨ᠂ 10 % ᠪᠠᠷ ᠨᠡᠮᠡᠭᠳᠡᠭᠦᠯᠪᠡ᠂ ᠵᠢᠱᠢᠯᠲᠡ ᠪᠠᠷ ᠠᠷᠠᠯᠵᠢᠶᠠᠴᠢᠨ ᠤᠷᠢᠬᠤ ᠪᠠᠯᠠ ᠮᠥᠩᠭᠦ ᠶᠢ 334 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠵᠤ᠂ 15% ᠠᠴᠠ ᠳᠡᠭᠡᠭᠰᠢ ᠨᠡᠮᠡᠭᠳᠡᠭᠦᠯᠪᠡ᠃ ᠠᠵᠤ ᠠᠬᠤᠶᠢᠯᠠᠯ ᠢ ᠬᠠᠪᠰᠤᠷᠤᠨ ᠡᠨᠧᠷᠭᠢ ᠣᠯᠭᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠢᠨ᠎ᠡ ᠪᠠᠷ 5.5 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠣᠨ᠂ ᠲᠦᠭᠡᠮᠡᠯ ᠬᠠᠷᠠᠭᠠᠯᠵᠠᠯᠲᠤ ᠪᠠᠭ᠎ᠠ ᠲᠣᠭᠠᠨ ᠤ ᠵᠢᠭᠡᠯᠡᠯᠭᠡ ᠶᠢ 225 ᠳ᠋ᠦᠩᠰᠢᠭᠤᠷ ᠲᠥᠭᠦᠷᠢᠭ  ᠲᠠᠯᠪᠢᠵᠣ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ 2.1 ᠳ᠋ᠦᠩᠰᠢᠭᠤᠷ ᠲᠥᠭᠦᠷᠢᠭ ᠳᠥᠯᠥᠵᠦ᠂ ᠰᠢᠨ᠎ᠡ ᠪᠠᠷ 1.9 ᠲᠦᠮᠡᠨ ᠡᠵᠡᠩᠨᠡᠯᠲᠡ ᠶᠢᠨ ᠭᠤᠣᠯ ᠴᠣᠭᠴᠠ᠂ 14 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠳᠠᠩᠰᠠᠯᠠᠭᠤᠯᠪᠠ  ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ 26 ᠳᠤᠮᠳᠠ ᠵᠢᠵᠢᠭ ᠠᠵᠤ ᠠᠬᠤᠶᠢᠯᠠᠯ᠂ ᠲᠤᠰᠬᠠᠶᠢᠵᠢᠭᠰᠠᠨ᠂ ᠨᠠᠷᠢᠯᠢᠬᠵᠢᠭᠰᠠᠨ᠂ ᠣᠨᠴᠠᠯᠢᠭᠵᠢᠭᠰᠠᠨ  ᠰᠢᠨᠡᠯᠢᠭᠵᠢᠭᠰᠡᠨ 5 ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠪᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠤᠨ 33 ᠲᠥᠷᠥᠯ ᠵᠦᠢᠯ ᠪᠠᠶᠢᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯᠲᠠ ᠶᠢ ᠤᠯᠠᠮ ᠰᠢᠯᠢᠳᠡᠭᠵᠢᠭᠦᠯᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠵᠦ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠪᠠᠷ ᠬᠡᠷᠡᠭᠯᠡᠭᠡ ᠶᠢ ᠳᠠᠶᠢᠴᠢᠯᠠᠭᠰᠠᠨ ᠬᠡᠮᠵᠢᠶ᠎ᠡ ᠶᠢ 24 ᠳ᠋ᠦᠩᠰᠢᠭᠤᠷ ᠲᠥᠭᠦᠷᠢᠭ ᠠᠴᠠ ᠳᠠᠪᠠᠭᠤᠯᠵᠣ᠂ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠭᠰᠠᠨ ᠲᠤᠭ᠎ᠠ ᠶᠢ 22 ᠳ᠋ᠦᠩᠰᠢᠭᠤᠷ ᠲᠥᠭᠦᠷᠢᠭ ᠲᠤ ᠬᠦᠷᠭᠡᠪᠡ᠃      ᠨᠢᠭᠡ ᠵᠢᠯ ᠤᠨ ᠲᠤᠷᠰᠢ᠂ ᠪᠢᠳᠡ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠰᠢᠨ᠎ᠡ  ᠭᠦᠭᠵᠢᠯᠳᠡ ᠲᠡᠰᠢ ᠣᠷᠣᠭᠰᠢᠯᠠᠨ᠂ ᠠᠵᠤ ᠦᠢᠯᠡᠰ ᠤᠨ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠪᠡ᠃ ᠮᠠᠯ ᠠᠵᠤ ᠠᠬᠤᠶ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠢᠯᠢ ᠶᠢᠨ ᠭᠤᠤᠯ ᠬᠤᠨᠢ ᠨᠢ ︽2024 ᠣᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠤᠨ ᠨᠡᠷᠡᠰ︾ ᠲᠤ ᠰᠣᠩᠭᠤᠭᠳᠠᠨ᠂ ᠰᠢᠯᠢ ᠶᠢᠨ ᠭᠤᠤᠯ  ᠴᠠᠭᠠᠨ ᠢᠳᠡᠭᠡᠨ ᠨᠢ ︽ᠨᠠᠷᠠᠲᠤ ᠳᠡᠮᠳᠡᠭ ᠢᠶᠠᠷ ᠮᠠᠯ ᠲᠠᠷᠢᠶᠠᠯᠠᠩ ᠢ ᠬᠥᠭᠵᠢᠭᠦᠯᠦᠭᠰᠡᠨ ᠨᠡᠶᠢᠲᠡᠯᠢᠭ ᠵᠢᠱᠢᠶ᠎ᠡ︾ ᠳᠤ ᠰᠣᠩᠭᠤᠭᠳᠠᠨ᠂ ᠬᠤᠶᠠᠭᠤᠯᠡ ᠪᠠᠨ ᠪᠦᠷ ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠢ ᠭᠥᠷᠳᠡᠪᠡ᠂ ᠡᠭᠦᠨ ᠳᠤ ᠰᠢᠯᠢ ᠶᠢᠨ ᠭᠤᠣᠯ ᠬᠤᠨᠢᠨ ᠤ ᠨᠡᠷᠡᠲᠦ ᠲᠡᠮᠳᠡᠭ ᠤᠨ ᠥᠷᠲᠡᠭ ᠨᠢ ᠬᠤᠶᠠᠳᠤᠭᠠᠷ ᠨᠡᠷᠡᠰ ᠲᠤ ᠵᠢᠭᠰᠠᠭᠠᠭᠳᠠᠪᠠ᠃ ᠤᠯᠤᠰ ᠤᠨ ᠮᠢᠬᠠᠨ ᠤ ᠦᠬᠡᠷ ᠤᠨ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ 1᠂ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠭᠡᠷ ᠪᠣᠯᠣᠨ ᠮᠢᠬᠠᠨ ᠤ ᠬᠤᠨᠢᠨ ᠤ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ 4 ᠶᠢ ᠰᠢᠨ᠎ᠡ ᠪᠠᠷ ᠨᠡᠮᠡᠭᠳᠡᠭᠦᠯᠵᠣ᠂ ᠶᠡᠷᠦᠩᠬᠡᠶ ᠬᠡᠮᠵᠢᠶ᠎ᠡ ᠨᠢ ᠴᠥᠮ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃19 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 50 ᠲᠦᠮᠡᠨ ᠲᠣᠨ ᠢ ᠳᠠᠪᠠᠵᠤ᠂ 58 ᠲᠦᠮᠡᠨ ᠲᠣᠨ ᠳᠤ ᠬᠥᠷᠪᠡ︔ ᠮᠢᠬᠠᠨ ᠤ ᠲᠥᠷᠥᠯ ᠤᠨ ᠭᠠᠷᠤᠯᠲᠠ 36 ᠲᠦᠮᠡᠨ ᠲᠣᠨ᠂ ᠦᠨᠢᠶᠡᠨ ᠰᠦ ᠶᠢᠨ ᠭᠠᠷᠤᠯᠲᠠ 66 ᠲᠦᠮᠡᠨ ᠲᠣᠨ᠂ ᠴᠠᠭᠠᠨ ᠢᠳᠡᠭᠡᠨ ᠤ ᠭᠠᠷᠤᠯᠲᠠ 6 ᠲᠦᠮᠡᠨ ᠲᠣᠨ ᠪᠠᠶᠢᠵᠤ᠂ ᠴᠥᠮ ᠰᠢᠨ᠎ᠡ ᠲᠡᠮᠳᠡᠭᠯᠡᠯ ᠢ ᠡᠭᠦᠳᠪᠡ᠃ ᠣᠲᠣ ᠦᠶ᠎ᠡ ᠶᠢᠨ ᠡᠨᠧᠷᠭᠢ ᠶᠢᠨ ᠰᠠᠭᠤᠷᠢᠨ ᠭᠠᠵᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 2288 ᠲᠦᠮᠡᠨ ᠺᠢᠯᠣᠸᠠᠲ᠂ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ 195 ᠲᠦᠮᠡᠨ ᠺᠢᠯᠣᠸᠠᠲ ᠪᠣᠯᠵᠣ᠂ ᠴᠥᠮ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃  ᠪᠦᠬᠦ ᠤᠯᠤᠰ ᠲᠤ ᠬᠠᠮᠤᠭ ᠤᠨ ᠲᠦᠷᠦᠭᠦᠨ ᠳᠤ ᠮᠣᠵᠢ ᠣᠷᠣᠨ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠠᠯ ᠦᠭᠡᠢ ᠴᠠᠬᠢᠯᠭᠠᠨ ᠤ ᠠᠷᠠᠯᠵᠢᠶ᠎ᠠ ᠶᠢ 14 ᠳ᠋ᠦᠩᠰᠢᠭᠤᠷ ᠰᠢᠬᠠᠮ ᠭᠷᠠᠳᠦ᠋ᠰ ᠲᠤ ᠬᠦᠷᠭᠡᠪᠡ᠃ ᠨᠡᠭᠦᠷᠡᠰᠦᠨ ᠤ ᠭᠠᠷᠤᠯᠲᠠ 1.44 ᠳ᠋ᠦᠩᠰᠢᠭᠤᠷ ᠲᠣᠨ᠂ ᠴᠠᠬᠢᠯᠭᠠᠨ ᠭᠠᠷᠭᠠᠭᠰᠠᠨ ᠬᠡᠮᠵᠢᠶ᠎ᠡ 1140 ᠳ᠋ᠦᠩᠰᠢᠭᠤᠷ ᠭᠷᠠᠳᠦ᠋ᠰ ᠲᠤ ᠬᠦᠷᠴᠦ᠂ ᠰᠢᠨ᠎ᠡ ᠪᠠᠷ ᠠᠵᠢᠯ ᠡᠬᠢᠯᠡᠭᠦᠯᠦᠭᠰᠡᠨ ᠪᠠ ᠵᠥᠪᠰᠢᠶᠡᠷᠡᠯ ᠣᠯᠤᠭᠰᠠᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1400 ᠲᠦᠮᠡᠨ ᠺᠢᠯᠣᠸᠠᠲ ᠠᠴᠠ ᠳᠡᠭᠡᠭᠰᠢ ᠪᠤᠯᠵᠤ᠂ ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠶᠢ ᠤᠯᠠᠮ ᠳᠡᠭᠡᠭᠰᠢᠯᠡᠭᠦᠯᠪᠡ᠃ ᠰᠠᠯᠬᠢ ᠬᠡᠷᠡᠯ ᠢᠶᠠᠷ ᠤᠰᠤᠲᠥ᠋ᠷᠥᠭᠴᠢ ᠨᠥᠭᠡᠴᠡᠯᠡᠬᠦ ᠲᠣᠨᠣᠭᠯᠠᠯ ᠦᠢᠯᠡᠳᠬᠦ᠂ ᠪᠣᠬᠢᠷᠲᠤᠯ ᠥᠬᠡᠶ ᠴᠠᠬᠢᠯᠭᠠᠨ + ᠲᠡᠷᠢᠭᠦᠨ ᠤ ᠡᠨᠧᠷᠭᠢ ᠠᠴᠢᠶᠠᠯᠠᠬᠤ᠂ ᠰᠢᠨ᠎ᠡ ᠮᠠᠲ᠋ᠧᠷᠢᠶᠠᠯ᠂ ᠬᠤᠪᠣᠷ ᠲᠡᠮᠦᠷᠯᠢᠭ ᠢ ᠨᠠᠷᠢᠯᠢᠭ ᠭᠦᠨᠵᠡᠭᠡᠶ ᠡᠳ᠋ᠰᠢᠭᠦᠯᠬᠦ ᠵᠡᠷᠭᠡ ᠨᠢᠭᠡ ᠪᠦᠯᠦᠭ ᠪᠥᠬᠦ ᠤᠯᠤᠰ᠂ ᠪᠥᠬᠦ ᠣᠷᠣᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠪᠤᠶᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠬᠠᠶᠢᠬᠤ ᠠᠵᠢᠯᠯᠠᠭᠠᠨ ᠤ ᠬᠥᠮᠥᠷᠭᠡ ᠠᠴᠠ ᠭᠠᠷᠭᠠᠬᠤ ᠲᠥᠷᠥᠯ ᠵᠦᠢᠯ ᠪᠠ ᠢᠵᠢ ᠪᠥᠷᠢᠳᠦᠭᠦᠯᠬᠦ ᠪᠠᠯᠠ ᠮᠥᠩᠭᠦ ᠴᠥᠮ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃  ᠰᠣᠶᠣᠯ ᠵᠢᠭᠤᠯᠴᠢᠯᠠᠯ ᠤᠨ ᠦᠢᠯᠡᠰ ᠭᠠᠶᠢᠬᠠᠮ᠎ᠠ ᠠᠮᠵᠢᠯᠳᠠ ᠣᠯᠵᠣ᠂ ᠪᠦᠬᠦ ᠣᠷᠣᠨ ᠤ 34 ᠳ᠋ᠣᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ᠂ ᠪᠦᠬᠦ ᠣᠷᠣᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠵᠡᠷᠭᠡ ᠠᠵᠢᠯᠯᠠᠭ᠎ᠠ ᠶᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠲᠠᠯ᠎ᠠ ᠨᠤᠲᠤᠭ ᠤᠨ ᠨᠠᠭᠠᠳᠤᠮ ᠨᠢ ᠳᠤᠮᠳᠠᠳᠤ ᠤᠯᠤᠰ ᠤᠨ ᠵᠠᠷ ᠮᠡᠳᠡᠭᠡᠨ ᠤ ᠬᠠᠮᠤᠭ ᠤᠨ ᠰᠢᠯᠢᠳᠡᠭ ᠣᠯᠠᠨ ᠨᠡᠶᠢᠲᠡ ᠶᠢᠨ ᠬᠠᠷᠢᠴᠠᠭᠠᠨ ᠤ ᠳᠠᠮᠵᠢᠭᠤᠯᠣᠨ ᠨᠡᠪᠳᠡᠷᠡᠭᠦᠯᠬᠦ ᠵᠢᠱᠢᠶ᠎ᠡ ᠶᠢᠨ ᠱᠠᠩᠨᠠᠯ ᠭᠥᠷᠳᠡᠵᠦ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠨᠢ ᠪᠦᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠪᠣᠯᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠥᠪᠡᠰᠦᠪᠡᠨ ᠲᠡᠷᠭᠡ ᠵᠢᠯᠣᠭᠤᠳᠤᠨ ᠲᠣᠭᠤᠷᠢᠯ ᠱᠤᠭᠤᠮ ᠢ ᠳᠣᠭᠤᠯᠬᠤ ᠨᠠᠷᠠᠲᠤ ᠳᠡᠮᠳᠡᠭ ᠢ ᠡᠬᠢᠯᠡᠭᠦᠯᠵᠦ᠂ ᠤᠯᠠᠭᠠᠢ ᠶᠢᠨ ᠵᠢᠦ ᠴᠢᠤᠢ ᠸᠠᠨ ᠤ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ  ᠪᠠᠶᠢᠭᠠᠯᠢ ᠶᠢᠨ ᠡᠬᠢ ᠪᠠᠶᠠᠯᠢᠭ ᠤᠨ ᠦᠨᠡᠯᠡᠯᠲᠡ ᠶᠢ ᠦᠩᠭᠡᠷᠡᠭᠦᠯᠪᠡ᠂ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ︽ᠵᠢᠭᠠᠬᠠᠨ ᠭᠦᠯᠦᠭ︾ ᠨᠢ ᠤᠯᠤᠰ ᠲᠠᠭᠠᠨ ᠪᠤᠶᠢᠵᠢᠭᠤᠯᠤᠬᠰᠠᠨ Pony ᠮᠣᠷᠢᠨ ᠤ ᠬᠤᠭᠤᠰᠤᠨ ᠢ ᠨᠥᠬᠦᠪᠥᠷᠢᠯᠡᠵᠦ᠂ ᠵᠢᠱᠢᠯᠲᠡ ᠪᠠᠷ ᠪᠥᠬᠦ ᠵᠢᠯ ᠳᠤ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠶᠢ ᠲᠣᠰ ᠲᠣᠰ 13.7% ᠪᠠ 14.3% ᠪᠠᠷ ᠨᠡᠮᠡᠭᠳᠡᠭᠦᠯᠪᠡ᠃      ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠬᠦᠨᠵᠡᠭᠡᠢ ᠰᠣᠳᠣᠯᠣᠨ᠂ ᠰᠠᠭᠤᠷᠢ ᠪᠠᠨ ᠪᠠᠬᠢᠵᠢᠭᠦᠯᠦᠨ᠂ ᠪᠣᠳᠠᠲᠤ ᠬᠦᠴᠦᠨ ᠢᠶᠠᠨ ᠴᠢᠩᠭᠠᠷᠠᠭᠤᠯᠵᠣ᠂ ᠨᠤᠲᠤᠭ ᠪᠡᠯᠴᠢᠭᠡᠷ ᠤᠨ ᠠᠮᠢ ᠠᠬᠤᠶ ᠶᠢ ᠨᠣᠭᠤᠭᠠᠷᠠᠭᠤᠯᠣᠨ ᠦᠷ᠎ᠡ ᠠᠰᠢᠭ ᠢᠶᠠᠨ ᠨᠡᠮᠡᠭᠳᠡᠭᠦᠯᠪᠡ᠃ ᠡᠯᠡᠰᠦᠷᠬᠡᠭ ᠭᠠᠵᠠᠷ ᠪᠠ ᠠᠭᠤᠷᠬᠠᠢ ᠶᠢᠨ ᠵᠠᠰᠠᠯᠲᠠ ᠶᠢᠨ ᠡᠭᠦᠷᠭᠡ ᠶᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ 106.9% ᠪᠠ 105.4% ᠶᠢ ᠲᠣᠰ ᠲᠣᠰ ᠪᠡᠶᠡᠯᠡᠭᠦᠯᠵᠦ 4 ᠬᠤᠰᠢᠭᠤ ᠰᠢᠶᠠᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠣᠷᠡᠳᠡᠯ᠎ᠡ ᠮᠠᠯᠵᠢᠵᠣ ᠪᠠᠶᠢᠭ᠎ᠠ ᠠᠰᠠᠭᠤᠳᠠᠯ ᠢ ᠰᠶᠢᠳᠪᠦᠷᠢᠯᠡᠬᠦ ᠲᠤᠷᠰᠢᠯᠲᠠ ᠶᠢᠨ ᠴᠡᠭ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠳᠤ ᠴᠥᠮ ᠰᠢᠯᠢᠳᠡᠭ ᠲᠠᠰ ᠢᠶᠠᠷ ᠦᠨᠡᠯᠡᠭᠳᠡᠪᠡ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠤᠯᠪᠣᠭᠳᠠᠭᠰᠠᠨ ᠮᠠᠨ ᠤ ᠠᠶᠢᠮᠠᠭ ᠤᠨ 17 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 14 ᠵᠦᠢᠯ ᠢ ᠨᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠣ ᠬᠠᠷᠢᠭᠤ ᠲᠤᠰᠬᠠᠬᠰᠠᠨ ᠠᠰᠠᠭᠤᠳᠠᠯ ᠢ ᠶᠠᠭ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠪᠣᠢ᠃ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠵᠢᠱᠢᠯᠲᠡ ᠪᠠᠷ ᠪᠦᠬᠦ ᠵᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ 3 %  ᠠᠴᠠ ᠳᠡᠭᠡᠭᠰᠢ ᠪᠠᠭᠤᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠭᠤᠷᠪᠠᠨ ᠵᠢᠯ ᠳᠠᠷᠠᠭᠠᠯᠠᠨ ᠪᠦᠬᠦ ᠣᠷᠣᠨ ᠳᠤ ᠲᠡᠷᠢᠭᠦᠯᠡᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠦᠬᠦ ᠣᠷᠣᠨ ᠳᠤ ᠲᠡᠷᠢᠭᠦᠯᠡᠵᠦ᠂ ᠤᠯᠤᠰ ᠤᠨ ᠡᠵᠡᠮᠳᠡᠯ ᠤᠨ ᠣᠷᠣᠨ ᠤ 4 ᠭᠡᠰᠡᠭ ᠭᠠᠵᠠᠷ ᠤᠨ ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ ᠭᠦᠷᠭᠡᠪᠡ᠃ ᠲᠤᠯᠤᠨ ᠨᠤᠤᠷ ᠰᠢᠶᠠᠨ ᠪᠦᠬᠦ ᠤᠯᠤᠰ ᠤᠨ ︽ᠣᠢ ᠰᠢᠭᠤᠢ ᠶᠢᠨ ᠵᠤᠰᠠᠯᠠᠩ ᠤᠨ ᠦᠵᠡᠮᠵᠢᠲᠦ ᠣᠷᠣᠨ︾ ᠢᠶᠠᠷ ᠦᠨᠡᠯᠡᠭᠳᠡᠵᠦ᠂ ᠤᠯᠠᠭᠠᠢ ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠢᠶᠠᠷ ᠦᠨᠡᠯᠡᠭᠳᠡᠪᠡ᠃      ᠨᠢᠭᠡ ᠵᠢᠯ ᠤᠨ ᠲᠤᠷᠰᠢ᠂ ᠪᠢᠳᠡ ᠬᠤᠯᠪᠣᠭᠠᠯᠠᠨ ᠬᠥᠳᠡᠯᠦᠯᠴᠡᠵᠦ᠂ ᠤᠯᠠᠨ ᠲᠠᠯ᠎ᠠ ᠪᠠᠷ ᠬᠦᠴᠦᠯᠡᠵᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠬᠦᠴᠦᠨ ᠢ ᠬᠤᠷᠠᠮᠳᠤᠭᠤᠯᠤᠨ ᠨᠢᠭᠲᠠᠷᠠᠭᠤᠯᠪᠠ᠃ ᠤᠮᠠᠷᠠᠰᠢ ᠨᠡᠭᠡᠭᠡᠯᠲᠡ ᠬᠢᠬᠦ ᠲᠠᠯ᠎ᠠ ᠪᠠᠷ ᠴᠢᠬᠤᠯᠠ ᠰᠢᠪᠲᠤᠯᠤᠯᠲᠠ ᠲᠠᠢ ᠪᠣᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢ ᠣᠯᠵᠤ᠂ ᠡᠷᠢᠶᠡᠨ ᠪᠣᠭᠤᠮᠲᠠ ᠨᠢ ᠮᠠᠨ ᠤ ᠤᠯᠤᠰ ᠤᠨ ᠮᠣᠩᠭᠤᠯ ᠤᠯᠤᠰ ᠲᠤ ᠲᠤᠷᠰᠢᠨ ᠬᠡᠷᠡᠭᠵᠢᠭᠦᠯᠦᠭᠰᠡᠨ 24 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠠᠩᠬᠠᠳᠠᠭᠴᠢ ᠵᠠᠰᠠᠮᠠᠯ ᠵᠠᠮ ᠤᠨ ᠪᠣᠭᠤᠮᠲᠠ ᠪᠣᠯᠵᠣ᠂ ᠡᠷᠢᠶᠡᠨ ᠬᠤᠲᠠ ᠶᠢᠨ ᠠᠭᠠᠷ ᠠᠶᠠᠯᠠᠯ ᠤᠨ ᠬᠢᠯᠢ ᠶᠢᠨ ᠪᠣᠭᠤᠮᠲᠠ ᠶᠢᠨ ᠭᠠᠳᠠᠭᠠᠳᠤ ᠨᠡᠭᠡᠭᠡᠯᠲᠡ ᠨᠢ ᠤᠯᠤᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠢ ︽ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ︾ ᠪᠣᠯᠭᠠᠨ ᠨᠡᠮᠡᠭᠳᠡᠭᠦᠯᠵᠣ᠂  ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠮᠵᠢᠶ᠎ᠡ ᠪᠦᠬᠦ ᠣᠷᠣᠨ ᠤ 70 %   ᠠᠴᠠ ᠳᠡᠭᠡᠭᠰᠢᠬᠢ ᠶᠢ ᠡᠵᠡᠯᠡᠵᠦ᠂ ᠵᠢᠱᠢᠯᠲᠡ ᠪᠠᠷ ᠪᠦᠬᠦ ᠠᠶᠢᠮᠠᠭ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2500 ᠲᠦᠮᠡᠨ ᠲᠣᠨ ᠳᠤ ᠭᠦᠷᠭᠡᠵᠣ᠂ 14 % ᠪᠠᠷ ᠨᠡᠮᠡᠭᠳᠡᠭᠦᠯᠪᠡ᠃  ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠦᠷ᠎ᠡ ᠪᠦᠲᠦᠭᠡᠯ ᠠᠮᠵᠢᠯᠳᠠ ᠣᠯᠵᠣ᠂ 5 ︽ᠪᠦᠰᠡᠯᠡᠯᠳᠡ ᠰᠢᠪᠳᠣᠯᠬᠤ︾ ᠴᠡᠭ ᠪᠠ 7 ︽ᠪᠤᠶᠢᠵᠢᠭᠤᠯᠬᠤ︾  ᠴᠡᠭ ᠨᠢ ᠣᠨ ᠤ ᠡᠭᠦᠷᠭᠡ ᠪᠠᠨ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠦᠨᠡᠯᠡᠭᠦᠯᠦᠨ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠣᠰ ᠲᠣᠰ 17% ᠪᠠ 25% ᠪᠠᠷ ᠨᠡᠮᠡᠭᠳᠡᠭᠦᠯᠵᠣ᠂ ᠮᠡᠷᠭᠡᠵᠢᠯ ᠤᠨ ᠭᠡᠷ᠎ᠡ ᠲᠣᠭᠳᠠᠭᠰᠠᠨ ᠨᠣᠷᠮ᠎ᠠ ᠶᠢ 189% ᠪᠠᠷ ᠨᠡᠮᠡᠭᠳᠡᠭᠦᠯᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂  ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ 15.6 ᠲᠦᠮᠡ ᠪᠠᠶᠢᠭᠤᠯᠤᠨ᠂ ︽ᠠᠷᠪᠠ ᠶᠢ ᠢᠯᠡ ᠨᠡᠶᠢᠲᠡᠯᠡᠬᠦ︾ ᠮᠡᠳᠡᠭᠡ ᠵᠠᠩᠭᠢ ᠶᠢ 92 ᠲᠦᠮᠡᠨ ᠵᠤᠷᠪᠤᠰ ᠴᠤᠭᠯᠠᠭᠤᠯᠵᠤ᠂ ᠪᠥᠬᠦ ᠣᠷᠣᠨ ᠳᠤ ᠤᠷᠢᠳᠠᠪᠠᠷ ᠢᠲᠡᠭᠡᠮᠵᠢ ᠶᠢ ᠰᠡᠷᠭᠦᠭᠡᠬᠦ ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ 935 ᠵᠤᠷᠪᠤᠰ ᠰᠡᠷᠭᠦᠭᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂  4.0 ᠠᠵᠢᠯᠯᠠᠭᠠᠨ ᠤ ᠲᠥᠰᠦᠯ ᠤᠨ 207 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠤᠨ᠂ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠪᠡᠶᠡᠯᠡᠭᠦᠯᠪᠡ︔ ︽ᠮᠥᠩᠬᠡ ᠰᠤᠪᠠᠭ︾ ᠤᠨ ᠨᠡᠭᠦᠳᠡᠯ ᠬᠤᠯᠪᠣᠭᠠᠨ ᠤ ᠬᠡᠰᠡᠭ ᠨᠢ 782 ᠲᠥᠷᠥᠯ ᠤᠨ ᠣᠨᠴᠠᠯᠢᠭᠲᠤ ᠬᠡᠷᠡᠭᠯᠡᠯᠲᠡ ᠶᠢ ᠬᠤᠷᠠᠮᠳᠤᠭᠤᠯᠵᠤ᠂ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠪᠠ︔ 2.5 ᠲᠦᠮᠡᠨ ᠬᠡᠷᠡᠭ ᠶᠠᠪᠤᠳᠠᠯ ᠢ    ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 11 ᠲᠤᠬᠠᠶ ᠶᠢᠨ ᠭᠠᠵᠠᠷ ᠤᠨ ᠣᠨᠴᠠᠯᠢᠭ ᠲᠠᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ  ᠲᠣᠰᠬᠠᠯ ᠤᠨ ᠨᠣᠷᠮ᠎ᠠ᠂ ᠬᠠᠨᠤᠮᠵᠢ ᠶᠢᠨ ᠨᠣᠷᠮ᠎ᠠ ᠪᠠ ᠭᠦᠢᠴᠡᠳᠬᠡᠵᠦ ᠳᠠᠭᠤᠰᠬᠠᠭᠰᠠᠨ ᠨᠣᠷᠮ᠎ᠠ ᠵᠡᠷᠭᠡ ᠶᠢ ᠴᠥᠮ ᠪᠦᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ᠃      ᠨᠢᠭᠡ ᠵᠢᠯ ᠤᠨ ᠲᠤᠷᠰᠢ᠂ ᠪᠢᠳᠡ ᠵᠣᠬᠢᠴᠠᠭᠤᠯᠬᠤ ᠶᠢ ᠴᠢᠬᠤᠯᠠᠴᠢᠯᠠᠵᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠨ᠂ ᠬᠤᠲᠠ ᠬᠥᠳᠡᠭᠡ ᠶᠢᠨ ᠬᠥᠭᠵᠢᠯᠲᠡ ᠶᠢ ᠭᠦᠨᠵᠡᠭᠡᠶ ᠠᠭᠤᠰᠤᠯᠴᠠᠭᠤᠯᠪᠠ᠃ 10 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠣᠨ 202 ᠲᠥᠷᠥᠯ ᠵᠦᠢᠯ ᠢ ᠵᠣᠯᠭᠠᠭᠤᠯᠵᠣ᠂ ᠪᠡᠭᠡᠵᠢᠩ ᠥᠪᠥᠷ ᠮᠣᠩᠭᠤᠯ ᠤᠨ ᠬᠠᠮᠳᠣᠷᠠᠯᠴᠠᠭᠠᠨ ᠤ 48 ᠲᠥᠷᠥᠯ ᠵᠦᠢᠯ ᠢ ᠬᠡᠷᠡᠭᠵᠢᠭᠦᠯᠦᠨ᠂ 30 ᠳ᠋ᠦᠩᠰᠢᠭᠤᠷ ᠲᠥᠭᠦᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠬᠡᠷᠡᠭᠵᠢᠬᠦᠯᠪᠡ᠃ 1600 ᠮᠠᠯᠵᠢᠬᠤ ᠲᠠᠷᠢᠶᠠᠯᠠᠬᠤ ᠡᠷᠦᠬᠡ᠂ 39 ᠵᠠᠰᠠᠭ ᠵᠠᠬᠢᠷᠭᠠᠨ ᠤ ᠭᠠᠴᠠᠭᠠᠨ ᠳᠤ ᠴᠠᠬᠢᠯᠭᠠᠨ ᠨᠡᠪᠲᠡᠷᠡᠭᠦᠯᠵᠦ᠂ 4213 ᠪᠤᠶᠢᠳᠠ ᠪᠥᠭᠯᠡᠭᠦᠤ ᠮᠠᠯᠵᠢᠬᠤ ᠡᠷᠦᠬᠡ᠂ 25 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠲᠠᠰ ᠳᠡᠪᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 640 ᠺᠢᠯᠣᠮᠧᠲᠷ ᠰᠢᠨ᠎ᠡ ᠪᠠᠷ ᠵᠠᠰᠠᠵᠤ᠂ 5 G ᠰᠠᠭᠤᠷᠢ ᠥᠷᠲᠡᠭᠡ 500 ᠶᠢ ᠰᠢᠨ᠎ᠡ ᠪᠠᠷ ᠪᠠᠶᠢᠭᠤᠯᠵᠤ᠂ 7000 ᠭᠠᠷᠤᠶ ᠬᠥᠮᠦᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠪᠦᠬᠦ ᠱᠤᠭᠤᠮ ᠢᠶᠠᠷ ᠪᠦᠲᠦᠭᠡᠨ ᠪᠠᠶᠢᠭᠤᠯᠵᠤ᠂ ᠡᠭᠦᠨ ᠳᠤ ᠰᠢᠯᠢ ᠶᠢᠨ ᠬᠤᠳᠠ ᠠᠴᠠ ᠰᠢᠯᠤᠭᠤᠨ ᠬᠥᠬᠡ ᠬᠤᠰᠢᠭᠤ ᠬᠦᠷᠬᠦ ᠬᠡᠰᠡᠭ ᠤᠨ ᠴᠠᠬᠢᠯᠭᠠᠨᠵᠢᠭᠰᠠᠨ ᠲᠡᠮᠦᠷ ᠵᠠᠮ ᠨᠢᠭᠡᠨᠲᠡ ᠨᠡᠪᠳᠡᠷᠡᠵᠣ᠂ 3 ᠵᠤᠷᠪᠤᠰ ᠭᠤᠣᠯᠳᠠᠯᠭ᠎ᠠ ᠲᠠᠢ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠠᠷᠠᠳ ᠤᠨ ᠠᠭᠠᠷ ᠠᠶᠠᠯᠠᠯ ᠤᠨ ᠠᠶᠠᠨᠴᠢᠳ ᠤᠨ ᠠᠶᠠᠯᠠᠯ ᠤᠨ ᠬᠡᠮᠵᠢᠶ᠎ᠡ ᠶᠢ 140 ᠲᠦᠮᠡᠨ ᠬᠥᠮᠦᠨ ᠤᠳᠠᠭ᠎ᠠ ᠶᠢ ᠳᠠᠪᠠᠭᠤᠯᠪᠠ᠃ ᠢᠯᠠᠯᠲᠠ ᠠᠴᠠ ᠵᠠᠩᠪᠸᠢ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠱᠤᠭᠤᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ︽ᠬᠤᠶᠠᠷ ᠣᠭᠲᠣᠯᠤᠯᠴᠠᠯ ᠨᠢᠭᠡ ᠰᠢᠯᠤᠭᠤᠨ︾ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠭᠤᠣᠯ ᠲᠣᠣᠷ ᠤᠨ ᠪᠦᠲᠦᠴᠡ ᠶᠢ ᠪᠦᠷᠢᠯᠳᠦᠭᠦᠯᠪᠡ︔ 500 ᠺᠢᠯᠤᠸᠤᠯᠲ ᠤᠨ 2 ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠰᠢᠯᠢ ᠶᠢᠨ ᠭᠤᠤᠯ ᠠᠶᠢᠮᠠᠭ ᠤᠨ  ᠭᠤᠣᠯᠯᠠᠬᠤ ᠬᠦᠴᠦᠨ ᠤ ᠴᠡᠬᠢᠯᠭᠠᠨ ᠲᠤᠤᠷ ᠤᠨ 500 ᠺᠢᠯᠤᠸᠤᠯᠲ ᠤᠨ ᠲᠣᠭᠤᠷᠢᠭ ᠲᠤᠤᠷ ᠢ ᠪᠦᠷᠢᠯᠳᠦᠭᠦᠯᠵᠦ᠂ ᠲᠠᠩ ᠭᠠᠭᠴᠠ ᠬᠡᠯᠬᠢᠶ᠎ᠡ ᠮᠠᠶ᠋ᠢᠭ ᠤᠨ ᠴᠠᠬᠢᠯᠭᠠᠨ ᠬᠠᠩᠭᠠᠬᠤ ᠵᠠᠭᠪᠤᠷ ᠢ ᠲᠦᠢᠯᠪᠤᠷᠢᠲᠠᠶ ᠡᠴᠦᠰᠯᠡᠭᠦᠯᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠳᠤ 3.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠬᠦᠷᠢᠶᠡᠯᠡᠩ ᠲᠣᠭᠤᠷᠢᠭ ᠨᠢ ᠲᠣᠰ ᠲᠣᠰ ᠥᠪᠡᠷᠲᠡᠭᠡᠨ ᠵᠠᠰᠠᠬᠤ ᠣᠷᠣᠨ ᠤ ︽ᠮᠥ ᠪᠦᠷᠢ ᠶᠢᠨ ᠳᠤᠮᠳᠠᠴᠢ ᠦᠷ᠎ᠡ ᠠᠰᠢᠭ ᠢᠶᠠᠷ ᠥᠨᠳᠥᠷ ᠬᠦᠷᠢᠶᠡᠯᠡᠩ ᠲᠣᠭᠤᠷᠢᠭ︾ ᠪᠠ ︽ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠰᠢᠯᠢᠳᠡᠭ ᠬᠦᠷᠢᠶᠡᠯᠡᠩ ᠲᠣᠭᠤᠷᠢᠭ︾ ᠤᠨ ᠢᠷᠡᠭᠤ ᠠᠯᠳᠠᠷ ᠢ ᠭᠥᠷᠳᠡᠵᠦ᠂ ᠲᠤᠯᠤᠨ ᠨᠣᠣᠷ  ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃      ᠨᠢᠭᠡ ᠵᠢᠯ ᠤᠨ ᠲᠤᠷᠰᠢ᠂ ᠪᠢᠳᠡ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠪᠦᠬᠦ ᠠᠶᠢᠮᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠣᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢᠨ 65.5% ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ 33 ᠵᠦᠢᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ 11.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠤᠲᠠ ᠪᠠᠯᠭᠠᠰᠤᠨ ᠤ 45 ᠵᠦᠢᠯ ᠤᠨ ᠳᠤᠯᠠᠭᠠᠯᠠᠭ᠎ᠠ ᠶᠢᠨ ᠢᠨᠵᠧᠨᠧᠷᠢᠩ  ᠢ ᠬᠡᠷᠡᠭᠵᠢᠭᠦᠯᠦᠨ᠂ 334 ᠰᠠᠭᠤᠭᠠᠯᠢ ᠠᠷᠠᠳ ᠤᠨ ᠲᠣᠭᠤᠷᠢᠭ ᠲᠤ ᠠᠰᠢᠭ ᠬᠦᠷᠲᠡᠭᠡᠵᠦ᠂ ᠳᠤᠯᠠᠭᠠᠯᠠᠭ᠎ᠠ ᠶᠢᠨ ᠴᠢᠳᠠᠪᠤᠷᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠠᠵᠢᠯ ᠣᠯᠭᠤᠬᠤ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠪᠥᠬᠦ ᠠᠶᠢᠮᠠᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠬᠡᠷᠡᠭᠯᠡᠭᠰᠡᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ᠶᠢᠨ ᠨᠣᠷᠮ᠎ᠠ ᠶᠢ 100 % ᠳᠤ ᠬᠦᠷᠦᠭᠦᠯᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠯ᠎ᠡ ᠣᠨ ᠤ ᠡᠯ᠎ᠡ ᠬᠢᠴᠢᠶᠡᠯ ᠲᠥᠷᠥᠯ ᠳᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠪᠯᠡᠯ ᠤᠨ ᠵᠢᠭᠠᠬᠤ ᠮᠠᠲ᠋ᠧᠷᠢᠶᠠᠯ ᠵᠢᠴᠢ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠪᠠᠷ ᠬᠢᠴᠢᠶᠡᠯᠯᠡᠵᠦ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠠᠴᠠ ᠡᠭᠦᠷᠭᠡ  ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠥᠨᠳᠥᠷ ᠳᠤᠮᠳᠠᠳᠤ ᠶᠢᠨ ᠰᠣᠷᠣᠭᠴᠢ ᠡᠯᠰᠡᠬᠦ ᠰᠢᠯᠭᠠᠯᠲᠠ ᠶᠢᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠥᠯ ᠤᠨ ᠶᠡᠷᠦᠩᠬᠡᠶ ᠬᠤᠪᠢ ᠬᠢᠭᠡᠳ ᠡᠩ ᠤᠨ ᠠᠩᠬ᠎ᠠ ᠵᠡᠷᠭᠡ ᠶᠢᠨ ᠲᠣᠮᠳᠠᠳᠣ ᠰᠣᠷᠭᠠᠭᠤᠯᠢ ᠶᠢᠨ ᠰᠣᠷᠣᠭᠴᠢ ᠶᠢᠨ ᠬᠢᠷᠢ ᠪᠦᠲᠦᠮᠵᠢ ᠶᠢᠨ ᠵᠥᠷᠢᠶ᠎ᠡ ᠶᠢ 2023 ᠣᠨ ᠤ 27.8 ᠬᠤᠪᠢ ᠪᠠᠶᠢᠭᠰᠠᠨ ᠠᠴᠠ ᠪᠠᠨ 19.4 ᠬᠤᠪᠢ ᠪᠣᠯᠭᠠᠨ ᠪᠠᠭᠠᠰᠬᠠᠪᠠ᠃ 9 ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠳᠠᠪᠤᠷᠢ ᠳᠡᠭᠡᠭᠰᠢᠯᠡᠭᠦᠯᠬᠦ ᠢᠨᠵᠧᠨᠧᠷᠢᠩ 9᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠢᠨᠵᠧᠨᠧᠷᠢᠩ 8 ᠶᠢ ᠬᠡᠷᠡᠭᠵᠢᠭᠦᠯᠵᠦ᠂ 393 ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠰᠬᠠᠢ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠠᠵᠢᠯ ᠢ ᠯᠠᠪᠳᠠᠭᠤᠨ ᠢᠶᠠᠷ ᠠᠬᠢᠭᠤᠯᠪᠠ᠃ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠬᠢᠷᠢ ᠪᠦᠲᠦᠮᠵᠢ ᠤᠯᠠᠮ ᠳᠡᠭᠡᠭᠰᠢᠯᠡᠵᠦ᠂ 600 ᠬᠤᠪᠢ ᠠᠴᠠ ᠳᠡᠭᠡᠭᠰᠢᠬᠢ ᠰᠣᠷᠣᠭᠴᠢ ᠶᠢᠨ ᠲᠤᠭ᠎ᠠ ᠨᠢᠳᠤᠨᠤᠨ ᠤ 51 ᠬᠥᠮᠦᠨ ᠪᠠᠶᠢᠭᠰᠠᠨ ᠠᠴᠠ ᠪᠠᠨ 132 ᠬᠥᠮᠦᠨ ᠪᠣᠯᠵᠣ᠂ ᠬᠤᠶᠠᠷ ᠵᠢᠯ ᠳᠠᠷᠠᠭᠠᠯᠠᠨ ᠬᠤᠶᠠᠷ ᠳᠠᠬᠢᠨ ᠢᠶᠠᠷ ᠨᠡᠮᠡᠭᠳᠡᠪᠡ︔ ᠬᠢᠲᠠᠳ ᠢᠶᠠᠷ ᠬᠢᠴᠢᠶᠡᠯᠯᠡᠬᠦ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠠᠩᠬᠢ ᠶᠢᠨ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ ᠶᠢ ᠲᠣᠰ ᠲᠣᠰ 3.6 ᠪᠠ 4.3 ᠵᠠᠭᠤᠨ ᠤ ᠨᠢᠭᠡᠴᠢ ᠪᠠᠷ ᠳᠡᠭᠡᠭᠰᠢᠯᠡᠭᠦᠯᠵᠦ᠂ ᠪᠥᠬᠦ ᠣᠷᠣᠨ ᠤ ᠳᠥᠷᠪᠡᠳᠦᠭᠡᠷ ᠪᠠ ᠭᠤᠷᠪᠠᠳᠤᠭᠠᠷ ᠲᠤ ᠪᠠᠶᠢᠷᠢᠯᠠᠭᠤᠯᠪᠠ᠃ ᠠᠶᠢᠮᠠᠭ ᠤᠨ ᠰᠢᠭᠤᠳ ᠬᠠᠷᠢᠶ᠎ᠠ ᠡᠮᠨᠡᠯᠭᠡ ᠶᠢᠨ ᠬᠤᠷᠢᠶᠠᠨ  ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ 5 ᠲᠤᠰᠬᠠᠶ ᠰᠠᠯᠠᠭ᠎ᠠ ᠶᠢ ᠰᠢᠨ᠎ᠡ ᠪᠠᠷ ᠨᠡᠮᠡᠭᠳᠡᠭᠦᠯᠵᠦ᠂ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠨᠢ ︽ᠪᠦᠬᠦ ᠤᠯᠤᠰ ᠠᠴᠠ ᠠᠷᠠᠳ ᠤᠨ ᠶᠠᠪᠤᠳᠠᠯ ᠤᠨ ᠰᠢᠰᠲ᠋ᠧᠮ ᠤᠨ ᠲᠡᠷᠢᠭᠦᠨ ᠤ ᠬᠠᠮᠲᠤ︾ ᠪᠠᠷ ᠦᠨᠡᠯᠡᠭᠳᠡᠵᠣ᠂ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠨᠢ ᠮᠤᠵᠢ ᠶᠢᠨ ᠲᠡᠰ ᠤᠨ ᠰᠢᠨᠵᠢᠯᠡᠭᠡ ᠰᠤᠳᠤᠯᠭᠠᠨ ᠤ ᠲᠥᠷᠥᠯ ᠵᠦᠢᠯ ᠤᠨ ᠨᠢᠭᠡᠴᠡ ᠪᠠᠷ ᠲᠣᠭᠲᠠᠭᠠᠭᠳᠠᠨ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠥᠮ ᠪᠠᠷᠢᠮᠵᠢᠶᠠᠨ ᠳᠤ ᠭᠦᠷᠦᠭᠦᠯᠵᠣ᠂ ᠬᠤᠲᠠ ᠪᠠᠯᠭᠠᠰᠤᠨ ᠤ 79 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠵᠤ᠂ 6939 ᠡᠷᠦᠬᠡ ᠳᠤ ᠠᠰᠢᠭ ᠬᠦᠷᠲᠡᠭᠡᠵᠦ᠂ 1643 ᠢᠵᠢ ︽ᠪᠠᠳᠣᠯᠠᠨ ᠲᠣᠰᠢᠶᠠᠬᠤ ᠠᠰᠠᠷ︾ ᠶᠢ ᠪᠡᠶᠡᠯᠡᠭᠦᠯᠵᠦ᠂ 835 ᠢᠵᠢ ︽ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ︾ ᠣᠷᠣᠨ ᠰᠠᠭᠤᠴᠠ ᠶᠢᠨ ᠠᠰᠠᠭᠤᠳᠠᠯ ᠢ ᠰᠶᠢᠳᠪᠦᠷᠢᠯᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ  ᠪᠠᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠤᠷᠭᠠᠨ ᠬᠥᠮᠦᠵᠢᠯ ᠤᠨ ᠦᠢᠯᠡᠳᠦᠯᠭᠡ  ᠶᠢᠨ ᠰᠠᠭᠤᠷᠢᠨ ᠭᠠᠵᠠᠷ 2 ᠪᠠᠶᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠶᠢ 2 ᠰᠢᠯᠭᠠᠷᠠᠭᠤᠯᠪᠠ᠃ ᠡᠯ᠎ᠡ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠨᠠᠮᠳᠠᠭᠠᠵᠤ᠂ ᠣᠷᠣᠨ ᠨᠤᠲᠤᠭ ᠤᠨ ᠡᠳ᠋ ᠤᠨ ᠵᠠᠰᠠᠭ ᠲᠦᠢᠯ ᠤᠨ ᠬᠦᠴᠢᠷᠳᠡᠯ ᠲᠠᠢ ᠪᠠᠶᠢᠳᠠᠯ ᠳᠣᠤᠷ᠎ᠠ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠠᠶᠢᠮᠠᠭ ᠲᠤ ᠪᠠᠭᠤᠯᠭᠠᠭᠰᠠᠨ ᠳᠠᠯᠳᠠ ᠥᠷᠢ ᠥᠭᠴᠡᠭᠡ ᠶᠢ ᠨᠠᠮᠳᠠᠭᠤᠯᠬᠤ᠂ ᠲᠦᠷ ᠲᠤᠰᠢᠶᠠᠬᠤ ᠮᠥᠩᠭᠦ ᠶᠢ ᠲᠦᠷᠭᠡᠨ ᠳ᠋ᠦᠩᠨᠡᠬᠦ ᠪᠠ ᠪᠠᠯᠠ ᠲᠣᠬᠢᠷᠠᠭᠤᠯᠭ᠎ᠠ ᠶᠢᠨ ᠲᠠᠪᠴᠠᠩ ᠠᠴᠠ ᠭᠠᠷᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠴᠥᠮ 57.7% ᠢᠶᠠᠷ ᠪᠠᠭᠤᠷᠠᠵᠤ᠂ ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠠᠳᠡᠯ ᠭᠠᠷᠤᠭᠰᠠᠨ ᠥᠬᠡᠶ᠂ ᠵᠢᠯ ᠤᠨ ᠳᠣᠲᠣᠷ᠎ᠠ ᠮᠣᠩᠭᠤᠯ ᠣᠯᠣᠰ ᠤᠨ ᠬᠢᠯᠢ ᠶᠢᠨ 16 ᠤᠳᠠᠭᠠᠨ ᠤ ᠲᠦᠢᠮᠡᠷ ᠢ ᠬᠢᠯᠢ ᠶᠢᠨ ᠱᠤᠭᠤᠮ ᠤᠨ ᠭᠠᠳᠠᠨ᠎ᠠ ᠬᠠᠰᠢᠵᠤ᠂ ᠲᠤᠯᠤᠨ ᠨᠤᠤᠷ ᠤᠨ ᠰᠠᠶᠢᠬᠠᠨᠳᠠᠪᠠᠭ᠎ᠠ ᠶᠢ ᠲᠣᠭᠤᠷᠢᠭᠰᠠᠨ ᠣᠶ ᠰᠢᠭᠤᠶ ᠶᠢᠨ ᠲᠠᠯᠠᠪᠠᠶ ᠳᠤ ᠲᠦᠢᠮᠡᠷ ᠭᠠᠷᠤᠭᠰᠠᠨ ᠥᠬᠡᠶ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠬᠢᠯᠢ ᠬᠢᠵᠠᠭᠠᠷ ᠤᠨ ᠠᠮᠤᠷ ᠲᠠᠶᠢᠪᠤᠩ ᠶᠡᠭᠡ ᠰᠠᠶᠢᠨ ᠪᠠᠶᠢᠳᠠᠯ ᠢ ᠤᠯᠠᠮ ᠪᠠᠬᠢᠵᠢᠭᠦᠯᠦᠨ ᠬᠥᠭᠵᠢᠭᠦᠯᠪᠡ᠃      ᠨᠢᠭᠡ ᠵᠢᠯ ᠤᠨ ᠲᠤᠷᠰᠢ᠂ ᠪᠢᠳᠡ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠡᠷᠡᠭᠵᠢᠭᠦᠯᠦᠯᠲᠡ ᠪᠠᠨ ᠴᠢᠩᠭᠠᠷᠠᠭᠤᠯᠵᠣ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ︽ᠨᠢᠭᠡᠳᠦᠭᠡᠷ ᠵᠥᠪᠯᠡᠬᠦ ᠵᠦᠢᠯ︾ ᠢ ᠪᠠᠷᠢᠮᠲᠠᠯᠠᠨ ᠶᠡᠷᠦᠩᠬᠡᠶ ᠱᠦᠵᠢ ᠰᠢ ᠶᠢᠨ ᠫᠢᠩ ᠤᠨ ᠬᠠᠮᠤᠭ ᠰᠢᠨ᠎ᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠵᠣ᠂ ᠬᠠᠮᠤᠭ ᠤᠨ ᠲᠡᠷᠢᠭᠦᠨ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ᠨᠠᠮᠴᠢ ᠴᠢᠨᠠᠷ ᠢᠶᠠᠨ ᠴᠢᠩᠭᠠᠳᠬᠠᠬᠤ᠂ ᠣᠪᠣᠷ ᠰᠤᠷᠲᠠᠯ ᠢᠶᠠᠨ ᠰᠠᠶᠢᠵᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠵᠠᠬᠢᠷᠭᠠᠨ ᠤ ᠠᠵᠢᠯ ᠢᠶᠠᠨ ᠨᠠᠩ ᠪᠣᠳᠠᠲᠠᠢ ᠥᠨᠳᠥᠷ ᠪᠦᠲᠦᠮᠵᠢᠲᠡᠢ ᠶᠠᠪᠤᠭᠳᠠᠭᠤᠯᠵᠤ ᠪᠣᠢ᠃ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠬᠢᠷᠭᠠᠨ ᠤ ᠰᠢᠰᠲ᠋ᠧᠮ ᠤᠨ ᠳᠠᠭᠠᠭᠠᠨ ᠰᠢᠢᠳᠪᠦᠷᠢᠯᠡᠭᠰᠡᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠪᠠᠨ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ︽ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠪᠠᠨ ᠪᠠᠲᠤ ᠪᠣᠶ ᠪᠣᠯᠭᠠᠵᠤ᠂ ᠪᠥᠬᠦ ᠠᠶᠢᠮᠠᠭ ᠤᠨ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ 10.6 % ᠪᠠᠷ ᠪᠠᠭᠤᠷᠠᠭᠤᠯᠪᠠ᠃      ᠨᠢᠭᠡ ᠵᠢᠯ ᠤᠨ ᠲᠤᠷᠰᠢ᠂ ᠪᠢᠳᠡ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠵᠣᠬᠢᠴᠠᠭᠤᠯᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠨ ᠲᠡᠳᠬᠦᠬᠦ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠠᠵᠢᠯ ᠦᠢᠯᠡᠰ ᠤᠨ ᠬᠥᠭᠵᠢᠯᠲᠡ ᠶᠢ ᠳᠡᠮᠵᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠵᠥᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ  ᠢᠶᠠᠨ ᠪᠠᠳᠠᠷᠠᠭᠤᠯᠪᠠ᠃      ᠲᠡᠷᠢᠭᠦᠯᠡᠭᠴᠢ ᠨᠠᠷ᠂ ᠭᠡᠰᠢᠭᠦᠳ ᠡ︕ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠠᠨ ᠬᠢᠯᠪᠠᠷ ᠪᠤᠰᠤ ᠪᠠᠷ ᠣᠯᠤᠭᠰᠠᠨ ᠶᠤᠮ᠂  ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠳᠣ ᠴᠢᠩᠭ᠎ᠠ ᠤᠳᠤᠷᠢᠳᠤᠯᠭ᠎ᠠ᠂ ᠵᠥᠪ ᠣᠨᠣᠪᠴᠢᠲᠠᠢ ᠰᠶᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠶᠣᠮ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠯᠡᠨ ᠬᠠᠪᠰᠤᠷᠤᠯᠴᠠᠵᠤ᠂ ᠬᠢᠨᠠᠯᠲᠠ ᠲᠠᠯᠪᠢᠨ ᠳᠡᠮᠵᠢᠭᠰᠡᠨ ᠤ ᠦᠷ᠎ᠡ ᠳ᠋ᠦᠩ ᠮᠥᠨ᠂  ᠪᠠᠰᠠ ᠴᠦ ᠪᠦᠬᠦ ᠠᠶᠢᠮᠠᠭ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠪᠣᠯᠣᠨ᠎ᠠ᠃ ᠡ᠊ᠨᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠣᠳᠣᠬᠠᠨ ᠳᠤ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠴᠢᠬᠤᠯᠠᠲᠠᠢ ᠶᠣᠮ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠠᠵᠤ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠭᠠᠴᠢᠭᠳᠠᠯ ᠢᠯᠡᠷᠡᠵᠣ᠂ ᠪᠠᠭᠤᠷᠠᠯᠲᠠ ᠶᠢᠨ ᠳᠠᠷᠤᠯᠲᠠ ᠮᠥᠨ ᠨᠡᠯᠢᠶᠡᠳ ᠶᠡᠭᠡ ᠪᠠᠶᠢᠵᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠨᠢ ᠲᠣᠭᠳᠠᠭᠰᠠᠨ ᠬᠤᠭᠤᠴᠠᠭᠠᠨ ᠳᠤ ᠨᠡᠯᠢᠶᠡᠳ ᠲᠦᠷᠭᠡᠨ ᠨᠡᠮᠡᠭᠳᠡᠯ ᠲᠠᠢ ᠪᠠᠶᠢᠯᠭᠠᠬᠤ ᠶᠢ ᠦᠷᠭᠦᠯᠵᠢᠯᠡᠬᠦᠯᠬᠦ ᠳᠤ ᠪᠡᠷᠬᠡ ᠲᠠᠢ ᠪᠠᠶᠢᠵᠣ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠢᠯᠡᠷᠡᠨ᠂ ᠥᠷᠢ ᠦᠭᠴᠡᠭᠡ ᠶᠢ ᠨᠠᠮᠳᠠᠭᠤᠯᠬᠤ ᠳᠠᠷᠣᠭᠠᠰᠣ ᠨᠡᠯᠢᠶᠡᠳ ᠶᠡᠭᠡ ᠪᠠᠶᠢᠵᠣ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠤᠳᠠᠭᠠᠰᠢᠷᠠᠵᠤ ᠪᠠᠶᠢᠨ᠎ᠠ︔ ᠡᠨᠧᠷᠭᠢ ᠳᠤ ᠲᠦᠰᠢᠭᠯᠡᠬᠦ᠂ ᠭᠦᠨᠳᠣ ᠠᠵᠣ ᠦᠢᠯᠡᠰ ᠲᠤ ᠲᠦᠰᠢᠭᠯᠡᠬᠦ ᠠᠵᠤ ᠦᠢᠯᠡᠰ ᠤᠨ ᠪᠠᠶᠢᠷᠢᠰᠢᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠪᠣᠬᠢᠷᠲᠤᠯ ᠥᠬᠡᠶ ᠴᠠᠬᠢᠯᠭᠠᠨ ᠢ ᠲᠤᠬᠠᠶ ᠶᠢᠨ ᠭᠠᠵᠠᠷ ᠲᠤᠨᠢ ᠬᠡᠷᠡᠭᠯᠡᠬᠦ ᠪᠠ ᠬᠥᠲᠥᠯᠥᠨ ᠳᠠᠭᠠᠭᠤᠯᠵᠤ ᠳᠠᠶᠢᠴᠢᠯᠠᠬᠤ ᠴᠢᠳᠠᠪᠤᠷᠢ ᠪᠠᠷ ᠬᠦᠷᠦᠯᠴᠡᠬᠦ ᠦᠭᠡᠶ ᠪᠠᠶᠢᠵᠤ᠂ ᠨᠡᠭᠦᠷᠡᠰᠦᠨ ᠤ ᠪᠤᠰᠤ ᠡᠨᠧᠷᠭᠢ ᠶᠢᠨ ᠪᠤᠰᠤ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠬᠠᠷᠠᠬᠠᠨ ᠢᠯᠡᠷᠬᠡᠶ ᠦᠭᠡᠶ ᠪᠠᠶᠢᠭᠰᠠᠭᠠᠷ︔ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠢᠯᠬᠠᠰ ᠤᠨ ᠬᠥᠮᠦᠵᠢᠯ ᠵᠡᠷᠭᠡ ᠬᠦᠷᠢᠶᠡᠨ ᠳᠤ ᠪᠠᠰᠠ ᠮᠠᠰᠢ ᠤᠯᠠᠨ ᠳᠤᠲᠠᠭᠤᠳᠠᠯ ᠪᠠᠭᠤᠷᠠᠶ ᠲᠠᠯ᠎ᠠ ᠣᠷᠣᠰᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠠᠴᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ ᠬᠡᠬᠦ ᠮᠡᠳᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠨᠡᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃      ᠬᠤᠶᠠᠷ᠂ 2025 ᠣᠨ ᠤ ᠭᠤᠣᠯᠳᠠᠯᠭ᠎ᠠ ᠲᠠᠢ ᠠᠵᠢᠯ      ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠮᠥᠨ ᠪᠣᠯᠬᠤᠷ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠬᠢᠷᠭ᠎ᠠ ᠶᠢᠨ ᠠᠵᠢᠯ ᠢ ᠬᠢᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠵᠣ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ 2025 ᠣᠨ ᠤ ᠠᠩᠬᠠᠳᠤᠭᠠᠷ  ᠣᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠭᠤᠣᠯᠴᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠪᠠᠨ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠵᠤ᠂ ᠨᠢᠭᠡ ᠭᠤᠣᠯ ᠰᠢᠵᠢᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠬᠤ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠭᠠᠵᠤ᠂ ᠢᠳᠡᠪᠬᠢ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠪᠠᠷ ᠬᠦᠴᠦᠯᠡᠵᠣ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠳᠤ ᠪᠠᠲᠤ ᠰᠠᠭᠤᠷᠢ ᠶᠢ ᠲᠠᠯᠪᠢᠨ᠎ᠠ᠃      2025 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ  ᠄  ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 4% ᠠᠴᠠ ᠳᠡᠭᠡᠭᠰᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ  ᠪᠠᠶᠢᠯᠭᠠᠨ᠎ᠠ᠃ ᠳᠡᠭᠡᠷᠡᠬᠢ ᠬᠠᠷᠠᠯᠲᠠ ᠨᠢ ᠢᠳᠡᠪᠬᠢᠲᠡᠢ ᠪᠥᠭᠡᠳ ᠯᠠᠪᠳᠠᠭᠤᠨ ᠪᠠᠶᠢᠵᠤ᠂  ︽ᠨᠡᠮᠡᠭᠳᠡᠯ ᠢ ᠲᠣᠭᠲᠠᠪᠤᠷᠢᠵᠢᠭᠤᠯᠬᠤ︾ ᠤᠳᠤᠷᠢᠳᠤᠮᠵᠢ ᠶᠢ ᠲᠤᠪᠤᠶᠢᠯᠭᠠᠵᠦ᠂ ᠪᠣᠳᠠᠲᠠᠶ ᠠᠵᠢᠯ ᠤᠨ ᠳᠤᠮᠳᠠ ᠪᠠᠨ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠨᠡᠩ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠬᠤ ᠴᠢᠬᠤᠯᠠᠲᠠᠶ ᠶᠤᠮ᠃ ᠪᠢᠳᠡ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠᠨ ᠤᠯᠠᠮ ᠴᠢᠯᠥᠭᠡᠯᠡᠵᠦ᠂ ᠲᠠᠪᠤᠨ ᠵᠦᠢᠯ ᠤᠨ ᠤᠢᠢᠯᠠᠭᠠᠭᠳᠠᠬᠤᠨ ᠢ ᠪᠤᠢ ᠪᠣᠯᠭᠠᠬᠤ ᠶᠢᠨ ᠬᠠᠮᠲᠤ ᠦᠢᠯᠡᠳᠦᠯᠭᠡᠵᠢᠭᠦᠯᠵᠦ᠂ ᠤᠢᠢᠯᠠᠭᠠᠭᠳᠠᠬᠤᠨ ᠤ ᠬᠤᠪᠢᠰᠤᠯᠲᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠣᠨ᠎ᠠ᠃  ᠨᠢᠭᠡ ᠳᠤ ︽ᠤᠷᠤᠭᠰᠢᠯᠠᠬᠤ ᠥᠬᠡᠶ ᠪᠣᠯ ᠤᠬᠤᠷᠢᠬᠤ᠂ ᠤᠳᠠᠭᠠᠨ ᠤᠷᠤᠭᠰᠢᠯᠠᠬᠤ ᠨᠢ ᠴᠦ ᠤᠬᠤᠷᠢᠬᠤ︾ ᠣᠶᠢᠯᠠᠭᠠᠭᠳᠠᠬᠤᠨ ᠢ ᠪᠣᠶ ᠪᠣᠯᠭᠠᠵᠤ᠂ ︽ᠬᠦᠯᠢᠶᠡᠵᠦ ᠳᠡᠶᠢᠯᠬᠦ ᠥᠬᠡᠶ︾ ᠲᠤᠯᠭᠠᠮ᠎ᠠ ᠰᠡᠳᠬᠢᠯᠭᠡ ᠪᠠ  ︽ᠤᠳᠠᠭᠠᠰᠢᠷᠠᠭᠤᠯᠵᠤ ᠪᠣᠯᠬᠤ ᠥᠬᠡᠶ︾ ᠲᠦᠭᠰᠢᠭᠦᠷᠢᠲᠦ ᠰᠡᠳᠬᠢᠯᠭᠡ ᠶᠢ ᠨᠡᠮᠡᠭᠳᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠲᠦᠷᠭᠡᠨ ᠤ ᠳᠤᠮᠳᠠ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠮᠠᠬᠠᠷᠠᠨ ᠵᠢᠳᠬᠦᠬᠦ ᠳᠤᠮᠳᠠ ᠶᠡᠷᠦᠩᠬᠡᠶ ᠬᠡᠮᠵᠢᠶ᠎ᠡ ᠪᠠᠨ ᠦᠷᠭᠡᠳᠭᠡᠬᠦ᠂ ᠨᠡᠮᠡᠭᠳᠡᠯ ᠤᠨ ᠬᠡᠮᠵᠢᠶ᠎ᠡ  ᠪᠠᠨ ᠨᠡᠮᠡᠭᠳᠡᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ︔ ᠬᠤᠶᠠᠷ ᠲᠤ ︽ᠲᠠᠪᠠᠯᠳᠠᠳᠤ ᠬᠥᠭᠵᠢᠯᠲᠡ᠂ ᠳᠠᠪᠠᠯᠲᠠ ᠶᠢ ᠬᠥᠭᠡᠭᠡᠵᠦ ᠭᠦᠢᠴᠡᠬᠦ  ︾ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠬᠤᠯᠠᠴᠢ ᠣᠬᠠᠭ᠎ᠠ ᠰᠣᠪᠢᠵᠣ᠂ ᠬᠠᠷᠠᠯᠲᠠ ᠪᠠᠨ ᠥᠨᠳᠥᠷ ᠲᠣᠭᠳᠠᠭᠠᠨ᠂ ᠶᠡᠭᠡ ᠦᠢᠯᠡᠰ ᠢ ᠪᠦᠲᠦᠭᠡᠬᠦ ᠰᠥᠰᠥ ᠵᠣᠷᠢᠭ ᠲᠠᠢ᠂ ᠶᠡᠭᠡ ᠬᠥᠭᠵᠢᠯᠲᠡ ᠶᠢ ᠡᠷᠢᠯᠬᠢᠯᠡᠬᠦ ᠢᠲᠡᠭᠡᠯ ᠵᠣᠷᠢᠭ ᠪᠠ ᠡᠷᠡᠰ ᠵᠣᠷᠢᠭ ᠲᠠᠢ ᠪᠠᠶᠢᠬᠤ  ᠴᠢᠬᠤᠯᠠᠲᠠᠢ︔  ᠭᠤᠷᠪᠠ ᠳᠤ ︽ᠡᠷᠭᠢᠯᠲᠡ ᠨᠢ ᠠᠵᠠ ᠲᠣᠬᠢᠶᠠᠯ ᠢ ᠬᠦᠪᠦᠷᠡᠭᠦᠯᠵᠣ᠂ ᠨᠡᠬᠡᠬᠡᠯᠳᠡ ᠨᠢ ᠬᠥᠭᠵᠢᠯᠲᠡ ᠶᠢ ᠠᠬᠢᠭᠤᠯᠬᠤ︾ ᠣᠶᠢᠯᠠᠭᠠᠭᠳᠠᠬᠤᠨ ᠢ ᠪᠤᠢ ᠪᠣᠯᠭᠠᠵᠤ᠂  ᠶᠡᠭᠡ ᠬᠠᠨᠳᠤᠰᠢ ᠶᠢ ᠠᠵᠢᠵᠤ᠂ ᠪᠦᠬᠦ ᠲᠠᠯ᠎ᠠ ᠶᠢ ᠲᠦᠯᠦᠪᠵᠢᠭᠦᠯᠦᠨ᠂ ᠠᠵᠠ ᠲᠣᠬᠢᠶᠠᠯ ᠢ ᠢᠯᠡᠷᠡᠭᠦᠯᠬᠦ᠂ ᠠᠵᠠ ᠲᠣᠬᠢᠶᠠᠯ ᠢ ᠡᠵᠡᠮᠳᠡᠬᠦ ᠤᠬᠠᠮᠰᠠᠷ ᠪᠣᠯᠤᠨ ᠴᠢᠳᠠᠪᠤᠷᠢ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠠᠵᠠ ᠲᠣᠬᠢᠶᠠᠯ ᠢ ᠤᠷᠢᠳᠠᠪᠠᠷ ᠠᠮᠵᠢᠨ ᠣᠯᠣᠨ᠎ᠠ︔ ᠳᠥᠷᠪᠡ ᠳᠤ ︽ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠᠷ ᠣᠷᠣᠰᠢᠨ ᠲᠣᠭᠲᠠᠨᠢᠬᠤ ᠶᠢ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ ᠪᠠᠯᠠ ᠲᠣᠬᠢᠷᠠᠭᠤᠯᠭ᠎ᠠ ᠪᠠᠷ ᠬᠥᠭᠵᠢᠯᠲᠡ ᠶᠢ ᠠᠬᠢᠭᠤᠯᠬᠤ︾ ᠣᠶᠢᠯᠠᠭᠠᠭᠳᠠᠬᠤᠨ ᠢ ᠪᠤᠢ ᠪᠣᠯᠭᠠᠵᠤ᠂ ᠡᠳ᠋ ᠤᠨ ᠵᠠᠰᠠᠭ ᠤᠨ ᠪᠠᠯᠠ ᠮᠦᠩᠭᠦᠨ ᠤ ᠪᠠᠭ᠎ᠠ ᠬᠦᠴᠦ ᠭᠠᠷᠭᠠᠨ ᠶᠡᠭᠡ ᠦᠷ᠎ᠡ ᠠᠰᠢᠭ ᠣᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠯᠣᠭᠢᠭ ᠢ ᠵᠢᠷᠤᠮᠯᠠᠨ᠂ ᠵᠠᠬ᠎ᠠ ᠳᠡᠯᠭᠡᠭᠦᠷ ᠤᠨ ᠬᠥᠰᠢᠭᠦᠷᠭᠡ  ᠶᠢᠨ ᠦᠢᠯᠡᠳᠦᠯ ᠢ ᠰᠠᠶᠢᠲᠤᠷ ᠠᠰᠢᠭᠯᠠᠨ᠂ ᠨᠡᠶᠢᠭᠡᠮ ᠤᠨ ᠪᠠᠯᠠ ᠣᠷᠣᠭᠤᠯᠤᠯᠲᠠ ᠶᠢ ᠳᠠᠶᠢᠴᠢᠯᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠰᠢᠨ᠎ᠡ ᠶᠢ ᠡᠭᠦᠳᠬᠦ ᠶᠢᠨ ᠬᠠᠮᠲᠤ ᠵᠢᠷᠤᠮᠵᠢᠭᠤᠯᠤᠨ᠎ᠠ︔ ᠲᠠᠪᠤ ᠳᠤ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭᠠᠨ ᠤ ᠤᠯᠠᠭᠠᠨ ᠱᠤᠭᠤᠮ ᠤᠨ ᠳᠣᠲᠣᠷᠠᠬᠢ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ᠂ ᠪᠣᠳᠠᠰ ᠤᠨ ᠬᠤᠷᠣᠭᠳᠠᠯ᠂ ᠥᠷᠢ ᠰᠢᠷᠢ᠂ ᠠᠮᠤᠷ ᠲᠦᠪᠰᠢᠨ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠᠷ ᠤᠷᠢᠲᠠᠯ ᠪᠠ ᠬᠤᠷᠢᠭ᠎ᠠ ᠱᠤᠭᠤᠮ ᠪᠣᠯᠭᠠᠵᠤ᠂ ᠰᠣᠬᠤᠷ ᠪᠠᠯᠠᠢ ᠪᠠᠷ ᠪᠦᠲᠦᠭᠡᠨ ᠪᠠᠶᠢᠭᠤᠯᠬᠤ ᠪᠠ ᠲᠥᠷᠥᠯ ᠵᠦᠢᠯ ᠡᠷᠡᠮᠡᠯᠵᠡᠬᠦ ᠦᠭᠡᠢ ᠪᠠᠶᠢᠵᠣ᠂ ᠲᠦᠷᠦᠯ ᠵᠦᠢᠯ ᠤᠨ ᠴᠢᠨᠠᠷ ᠰᠠᠶᠢᠲᠠᠢ᠂ ᠦᠷᠭᠦᠯᠵᠢᠯᠡᠬᠦᠶᠢᠴᠡ ᠬᠥᠭᠵᠢᠯᠲᠡ ᠶᠢ ᠪᠠᠳᠣᠯᠠᠨ᠎ᠠ᠃      ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ︽ᠲᠠᠪᠤᠨ ᠶᠡᠭᠡ ᠡᠭᠦᠷᠭᠡ︾  ︽ᠵᠢᠷᠭᠤᠭᠠᠨ ᠢᠨᠵᠧᠨᠧᠷᠢᠩ︾ ᠪᠠ ︽ᠵᠢᠷᠭᠤᠭᠠᠨ ᠠᠵᠢᠯᠯᠠᠭ᠎ᠠ︾ ᠶᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠃      ︵ᠨᠢᠭᠡ︶ ᠲᠣᠭᠲᠠᠭᠤᠨ ᠤ ᠳᠤᠮᠳᠠ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠠᠵᠤ ᠠᠬᠤᠶ ᠶᠢᠨ ᠰᠠᠶᠢᠵᠢᠷᠠᠬᠤ ᠰᠢᠨ᠎ᠡ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠤᠨ᠎ᠠ᠃      ᠨᠢᠭᠡ ᠳᠤ ᠲᠦᠷᠦ ᠶᠢᠨ ᠪᠤᠳᠤᠯᠭ᠎ᠠ ᠶᠢ ᠴᠢᠩᠭ᠎ᠠ ᠠᠩᠬᠠᠷᠴᠤ ᠲᠦᠷᠦᠯ ᠵᠦᠢᠯ ᠢ ᠳᠦᠰᠦᠪᠯᠡᠨ᠎ᠡ᠃ 468 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢ ᠶᠢᠨ ᠭᠤᠣᠯ ᠠᠶᠢᠮᠠᠭ ᠤᠨ193 ᠴᠢᠬᠤᠯᠠ ᠶᠡᠭᠡ ᠲᠥᠷᠥᠯ ᠵᠦᠢᠯ ᠢ 4 ᠳ᠋ᠤᠭᠡᠷ ᠰᠠᠷ᠎ᠠ ᠶᠢᠨ ᠳᠤᠮᠳᠠᠴᠢ ᠪᠠᠷ ᠪᠥᠬᠦ ᠭᠠᠷᠳᠠᠮ ᠢ ᠭᠦᠢᠴᠡᠳᠭᠡᠨ ᠠᠵᠢᠯ ᠢᠶᠠᠨ ᠡᠬᠢᠯᠡᠭᠦᠯᠦᠨ᠂ 10 % ᠪᠠᠷ ᠨᠡᠮᠡᠭᠳᠡᠭᠦᠯᠵᠣ᠂ ᠪᠦᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 540 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠳᠠᠶᠢᠴᠢᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠠ ᠲᠣᠬᠢᠶᠠᠯ ᠢ ᠵᠠᠪᠳᠤᠨ᠂  ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠬᠦ ᠠᠵᠢᠯᠯᠠᠭ᠎ᠠ  ᠶᠢ  ᠯᠠᠪᠳᠠᠭᠤᠨ ᠪᠠᠲᠤᠲᠠᠶ ᠥᠷᠨᠢᠭᠦᠯᠦᠨ᠂ ᠡᠨᠧᠷᠭᠢ ᠶᠢᠨ ᠰᠠᠭᠤᠷᠢᠨ ᠭᠠᠵᠠᠷ᠂ ᠭᠠᠳᠠᠭᠰᠢ ᠬᠦᠷᠭᠡᠬᠦ ᠱᠤᠭᠤᠮ᠂ ᠡᠯᠡᠰᠦᠷᠬᠡᠭ ᠭᠠᠵᠠᠷ ᠢ ᠵᠠᠰᠠᠬᠤ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠡᠷᠭᠡ ᠴᠢᠬᠤᠯᠠ ᠶᠡᠭᠡ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ    ︽ᠲᠣᠮᠣ ᠵᠠᠬ᠎ᠠ︾ ᠳᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠤᠨ ︽ᠴᠢᠬᠤᠯᠠ ᠶᠡᠭᠡ ᠪᠠᠶᠢᠯᠳᠤᠬᠤ ᠪᠤᠳᠤᠯᠭ᠎ᠠ  ᠶᠢ ᠬᠡᠷᠡᠭᠵᠢᠭᠦᠯᠬᠦ ᠪᠠ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠦᠷᠢ ᠶᠢᠨ ᠪᠠᠶᠢᠭᠤᠯᠤᠯᠲᠠ︾ ᠳᠤ ᠬᠦᠴᠦᠨ ᠨᠡᠮᠡᠬᠦ ᠶᠢ ᠠᠬᠢᠭᠤᠯᠬᠤ᠂ ︽ᠶᠡᠭᠡ ᠬᠡᠪᠴᠢᠶᠡᠨ ᠤ ᠲᠤᠨᠤᠭ ᠲᠦᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ︾ ᠬᠦᠷᠢᠶ᠎ᠡ ᠬᠡᠪᠴᠢᠶ᠎ᠡ ᠶᠢ ᠥᠷᠭᠡᠳᠬᠡᠬᠦ   ᠶᠢ ᠠᠰᠢᠭᠯᠠᠨ᠂ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠲᠤᠰᠬᠠᠶ ᠲᠦᠷᠦᠯ ᠤᠨ ᠵᠢᠭᠡᠯᠡᠯᠭᠡ ᠲᠠᠷᠬᠠᠭᠠᠬᠤ ᠵᠡᠷᠭᠡ ᠠᠰᠢᠭᠲᠠᠶ ᠲᠥᠷᠥ ᠶᠢᠨ ᠪᠣᠳᠣᠯᠭ᠎ᠠ ᠳᠤ ᠲᠦᠰᠢᠭᠯᠡᠨ᠂ ᠳᠠᠪᠠᠭᠤᠯᠢᠭ ᠠᠵᠤ ᠦᠢᠯᠡᠰ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠰᠡᠯᠭᠦᠬᠦ ᠬᠦᠴᠦᠨ ᠢᠶᠠᠨ ᠨᠡᠮᠡᠭᠳᠡᠭᠦᠯᠬᠦ ᠰᠢᠯᠢᠳᠡᠭ ᠲᠥᠷᠥᠯ ᠵᠦᠢᠯ ᠢ ᠰᠦᠪᠡᠭᠴᠢᠯᠡᠨ ᠨᠥᠭᠡᠴᠡᠯᠡᠨ᠎ᠡ᠃      ᠬᠤᠶᠠᠷ ᠲᠤ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ  ᠦᠢᠯᠡᠳᠪᠦᠷᠢ  ᠶᠢ  ᠲᠣᠭᠲᠠᠪᠤᠷᠢᠵᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ︽ᠰᠠᠭᠤᠷᠢ ᠴᠢᠯᠠᠭᠤ︾ ᠶᠢᠨ ᠦᠢᠯᠡᠳᠦᠯ ᠢ ᠪᠠᠳᠠᠷᠠᠭᠤᠯᠵᠤ᠂ ᠲᠡᠷᠢᠭᠦᠨ ᠤ ᠨᠡᠭᠦᠷᠡᠰᠦ ᠦᠢᠯᠡᠳᠪᠦᠷᠢᠯᠡᠬᠦ ᠴᠢᠳᠠᠪᠬᠢ ᠶᠢ ᠡᠮᠬᠢ ᠵᠢᠷᠤᠮ ᠲᠠᠢ ᠪᠠᠷ ᠢᠯᠭᠠᠷᠠᠭᠤᠯᠤᠨ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.5 ᠳ᠋ᠦᠩᠰᠢᠭᠤᠷ ᠠᠴᠠ ᠳᠡᠭᠡᠭᠰᠢ᠂ ᠴᠠᠬᠢᠯᠭᠠᠨ ᠭᠠᠷᠭᠠᠬᠤ ᠬᠡᠮᠵᠢᠶ᠎ᠡ ᠶᠢ 1250 ᠳ᠋ᠦᠩᠰᠢᠭᠤᠷ ᠭᠷᠠᠳᠦ᠋ᠰ ᠲᠤ ᠬᠦᠷᠦᠭᠦᠯᠦᠨ᠎ᠡ᠃ ᠨᠡᠭᠦᠷᠡᠰᠦᠨ ᠤ ᠪᠤᠰᠤ ᠡᠨᠧᠷᠭᠢ ᠶᠢᠨ ᠰᠤᠷᠪᠤᠯᠵᠢ ᠶᠢᠨ ᠪᠤᠰᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠢ ᠰᠠᠶᠢᠲᠤᠷ ᠠᠳᠬᠤᠵᠤ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠳᠡᠭᠡᠳᠦ ᠨᠠᠷᠢᠯᠢᠭ ᠬᠥᠩᠭᠡᠨᠴᠠᠭᠠᠨ ᠤ ᠬᠠᠪᠲᠠᠰᠤᠨ ᠪᠦᠰᠡ᠂ ᠪᠦᠦ ᠱᠦᠸᠧ ᠰᠢᠨ᠎ᠡ ᠮᠠᠲ᠋ᠧᠷᠢᠶᠠᠯ᠂ ᠶᠢᠨ ᠮᠠᠨ ᠠᠭᠤᠷᠬᠠᠶ ᠶᠢᠨ ᠦᠢᠯᠡᠰ᠂ ᠳ᠋ᠠ ᠲᠠᠩ ᠤᠨ ᠳᠤᠯᠤᠨ ᠨᠤᠤᠷ  ᠲᠠᠬᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠳᠦᠭᠦᠷᠡᠩ ᠳᠠᠭᠠᠭᠠᠴᠠ ᠲᠠᠢ ᠦᠢᠯᠡᠳᠪᠦᠷᠢᠯᠡᠬᠦ ᠶᠢ ᠳᠥᠯᠭᠢᠨ ᠠᠬᠢᠭᠤᠯᠵᠤ᠂ ᠰᠢᠨ᠎ᠡ ᠡᠨᠧᠷᠭᠢ ᠵᠢᠨ‌‍ᠲ᠋ᠣᠨᠣᠭᠯᠠᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠵᠤᠯᠭᠠᠭᠤᠯᠬᠤ᠂ ᠭᠠᠷᠤᠯᠲᠠ ᠪᠠᠨ ᠲᠣᠭᠲᠠᠪᠤᠷᠢᠵᠢᠭᠤᠯᠤᠨ ᠤᠨᠠᠯᠲᠠ ᠪᠠᠨ ᠨᠡᠮᠡᠭᠳᠡᠬᠦ ᠶᠢ ᠵᠤᠬᠢᠶᠠᠨ ᠪᠠᠶᠢᠭᠤᠯᠤᠨ᠎ᠠ᠃ ᠵᠢᠯ ᠤᠨ ᠳᠣᠲᠣᠷ᠎ᠠ 15 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠬᠡᠪᠴᠢᠶᠡᠵᠢᠭᠰᠡᠨ ᠠᠵᠦ ᠠᠬᠤᠶᠢᠯᠠᠯ ᠤᠨ ᠪᠦᠷᠢᠳᠭᠡᠯ ᠳᠤ ᠤᠷᠤᠭᠤᠯᠬᠤ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠠᠴᠠ ᠳᠡᠭᠡᠭᠰᠢ ᠨᠡᠮᠡᠭᠳᠡᠭᠦᠯᠬᠦ ᠶᠢ ᠳᠠᠶᠢᠴᠢᠯᠠᠨ᠎ᠠ᠃      ᠭᠤᠷᠪᠠ ᠳᠤ ᠤᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠬᠡᠷᠡᠭᠯᠡᠭᠡ ᠶᠢ ᠠᠬᠢᠭᠤᠯᠤᠨ᠎ᠠ᠃  ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠬᠡᠷᠡᠭᠯᠡᠭᠡ ᠶᠢ 28 ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠶᠢᠴᠢᠯᠠᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶ ᠶᠢᠨ ᠬᠥᠭᠵᠢᠯᠲᠡ ᠶᠢ ᠦᠷᠭᠦᠯᠵᠢᠯᠡᠨ ᠳᠡᠮᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 5% ᠠᠴᠠ ᠳᠡᠭᠡᠭᠰᠢ ᠨᠡᠮᠡᠭᠳᠡᠭᠦᠯᠬᠦ ᠶᠢ ᠦᠷᠭᠦᠯᠵᠢᠯᠡᠨ ᠳᠡᠮᠵᠢᠨ᠎ᠡ᠃ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠦᠭᠵᠢᠯᠲᠡ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠦᠨ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠬᠠᠷᠢᠶ᠎ᠠ ᠭᠠᠵᠠᠷ ᠲᠤ ᠳᠠᠩᠰᠠᠯᠠᠭᠤᠯᠬᠤ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠦ ᠦᠢᠯᠡᠰ ᠤᠨ ᠪᠦᠷᠢᠳᠬᠡᠯ ᠳᠤ ᠤᠷᠤᠭᠤᠯᠬᠤ ᠶᠢ ᠳᠡᠮᠵᠢᠵᠦ᠂ ︽ᠬᠤᠪᠢ ᠶᠢᠨ ᠡᠵᠡᠩᠨᠡᠯᠲᠡ ᠶᠢᠨ ᠡᠷᠦᠭᠡ ᠶᠢᠨ ᠠᠵᠤ ᠠᠬᠤᠶᠢᠯᠠᠯ  ᠪᠣᠯᠭᠠᠨ ᠬᠤᠪᠢᠷᠠᠭᠤᠯᠬᠤ︾ ᠶᠢ 50 ᠡᠷᠦᠬᠡ ᠠᠴᠠ ᠳᠡᠭᠡᠭᠰᠢ᠂ ︽ᠪᠠᠭ᠎ᠠ ᠵᠢᠵᠢᠭ ᠠᠵᠦ ᠠᠬᠤᠶᠢᠯᠠᠯ ᠢ ᠳᠡᠰ ᠳᠡᠪᠰᠢᠭᠦᠯᠦᠨ ᠬᠡᠪᠴᠢᠶᠡᠵᠢᠭᠦᠯᠭᠦ︾ ᠶᠢ 50 ᠡᠷᠦᠬᠡ ᠠᠴᠠ ᠳᠡᠭᠡᠭᠰᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠡᠵᠡᠩᠨᠡᠯᠲᠡ ᠶᠢᠨ ᠨᠢᠭᠡᠴᠡ ᠶᠢ 50 ᠡᠷᠦᠬᠡ  ᠠᠴᠠ  ᠳᠡᠭᠡᠭᠰᠢ  ᠰᠢᠨ᠎ᠡ  ᠪᠠᠷ  ᠨᠡᠮᠡᠭᠳᠡᠭᠦᠯᠬᠦ   ᠪᠠᠷ  ᠴᠢᠷᠮᠠᠶᠢᠨ᠎ᠠ᠃      ︵ᠬᠤᠶᠠᠷ︶ ᠠᠵᠤ ᠦᠢᠯᠡᠰ ᠢ ᠬᠦᠴᠦᠯᠡᠨ ᠬᠦᠭᠵᠢᠭᠦᠯᠵᠦ᠂ ᠠᠵᠤ ᠦᠢᠯᠡᠳᠪᠦᠷᠢ ᠶᠢᠨ ᠠᠮᠵᠢᠯᠲᠠ ᠤᠯᠬᠤ  ᠶᠢ ᠪᠠᠷᠢᠮᠲᠠᠯᠠᠨ᠂ ᠣᠳᠣᠬᠢᠴᠢᠯᠠᠭᠰᠠᠨ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ︽ᠨᠢᠭᠡ ᠭᠤᠤᠯ ᠭᠤᠷᠪᠠᠨ ᠴᠢᠬᠤᠯᠠ︾ ᠶᠢ ᠳᠣᠪᠤᠶᠢᠯᠭᠠᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠪᠠᠷ ᠭᠤᠤᠯᠳᠠᠯᠭ᠎ᠠ ᠪᠣᠯᠭᠠᠵᠤ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠣᠲᠣ ᠦᠶ᠎ᠡ ᠶᠢᠨ ᠡᠨᠧᠷᠭᠢ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂  ᠪᠤᠬᠢᠷᠳᠤᠯ ᠦᠭᠡᠢ ᠴᠠᠬᠢᠯᠭᠠᠨ + ᠲᠡᠷᠢᠭᠦᠨ ᠤ ᠡᠨᠧᠷᠭᠢ ᠠᠴᠢᠶᠠᠯᠠᠬᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠣᠶᠣᠯ ᠵᠢᠭᠤᠯᠴᠢᠯᠠᠯ ᠤᠨ ︽ᠲᠤᠯᠤᠭᠠᠨ ᠶᠡᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠯᠠᠨ ᠡᠰᠢᠵᠢᠭᠦᠯᠦᠨ ᠬᠥᠭᠵᠢᠭᠦᠯᠦᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃      ᠨᠢᠭᠡ ᠳᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ︽ᠨᠢᠷᠤᠭᠤᠪᠴᠢ︾ ᠶᠢ ᠲᠤᠯᠭᠠᠭᠤᠷᠢᠯᠠᠭᠤᠯᠤᠨ᠎ᠠ᠃ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ︽ᠬᠦᠴᠦ ᠳᠣᠷᠪᠢᠲᠠᠶ︾ ᠪᠠᠶᠢᠬᠤ ᠶᠢ ᠠᠬᠢᠭᠤᠯᠤᠨ᠂ ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠶᠢᠨ ᠣᠯᠠᠨ ᠡᠨᠧᠷᠭᠢ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠦᠴᠦᠯᠡᠬᠦ ᠶᠢ ᠪᠠᠷᠢᠮᠲᠠᠯᠠᠨ᠂ 270 ᠲᠦᠮᠡᠨ ᠺᠢᠯᠣᠸᠠᠲ ᠤᠨ ᠡᠯᠡᠰᠦ ᠶᠢ ᠵᠠᠰᠠᠨ ᠰᠡᠷᠭᠦᠭᠡᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠲᠣᠤᠷ ᠲᠤ ᠨᠡᠶᠢᠯᠡᠭᠦᠯᠬᠦ ᠶᠢ ᠠᠬᠢᠭᠤᠯᠵᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ 500 ᠲᠦᠮᠡᠨ ᠺᠢᠯᠣᠸᠠᠲ ᠤᠨ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ ᠂ ᠵᠢᠶᠠᠩᠰᠦ ᠶᠢᠨ ᠡᠨᠧᠷᠭᠢ ᠶᠢᠨ ᠤᠯᠠᠭᠠᠶ ᠶᠢᠨ ᠴᠠᠬᠢᠯᠭᠠᠨ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠲᠣᠰ ᠲᠣᠰ 3000 ᠲᠦᠮᠡ ᠪᠠ 1900 ᠲᠦᠮᠡᠨ ᠺᠢᠯᠣᠸᠠᠲ ᠲᠤ ᠬᠦᠷᠦᠭᠦᠯᠬᠦ ᠪᠠᠷ ᠴᠢᠷᠮᠠᠶᠢᠨ᠎ᠠ᠃ ᠬᠦᠨᠳᠦ ᠶᠢᠨ ᠬᠦᠴᠦ ᠪᠠᠷ ᠡᠨᠧᠷᠭᠢ ᠨᠥᠭᠡᠴᠡᠯᠡᠬᠦ ᠵᠡᠷᠭᠡ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢ ᠢᠳᠡᠪᠬᠢᠲᠡᠢ ᠤᠷᠢᠨ ᠣᠷᠣᠭᠤᠯᠵᠤ᠂ ᠵᠢᠯ ᠤᠨ ᠳᠣᠲᠣᠷ᠎ᠠ 225 ᠲᠦᠮᠡᠨ ᠺᠢᠯᠣᠸᠠᠲ   ᠤᠨ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠵᠣ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠵᠤ᠂ 85 ᠲᠦᠮᠡᠨ ᠺᠢᠯᠣᠸᠠᠲ ᠢ  ᠪᠦᠲᠦᠭᠡᠨ ᠪᠠᠶᠢᠭᠤᠯᠤᠨ᠎ᠠ᠃  ᠪᠣᠬᠢᠷᠲᠤᠯ ᠥᠬᠡᠶ ᠴᠠᠬᠢᠯᠭᠠᠨ ᠢ ᠲᠤᠬᠠᠶ ᠶᠢᠨ ᠭᠠᠵᠠᠷ ᠲᠤᠨᠢ ᠠᠰᠢᠭᠯᠠᠨ ︵ᠴᠢᠯᠠᠭᠤ ᠶᠢ ᠠᠯᠲᠠ ᠪᠤᠯᠭᠠᠬᠤ︶ ᠶᠢ ᠠᠬᠢᠭᠤᠯᠵᠣ᠂ ᠪᠣᠬᠢᠷᠲᠤᠯ ᠥᠬᠡᠶ ᠦᠢᠯᠡᠳᠭᠦᠨ᠂ ᠪᠣᠬᠢᠷᠲᠤᠯ ᠥᠬᠡᠶ GDP ᠪᠣᠯᠭᠠᠨ ᠬᠤᠪᠢᠷᠠᠭᠤᠯᠤᠨ᠎ᠠ᠃ 46.5 ᠲᠦᠮᠡᠨ ᠲᠣᠨ ᠲᠡᠮᠦᠷ ᠤᠨ ᠬᠠᠶᠢᠯᠤᠰᠢ ᠶᠢᠨ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ 234.8 ᠲᠦᠮᠡᠨ ᠲᠣᠨ ᠲᠡᠮᠦᠷ ᠤᠨ ᠬᠠᠶᠢᠯᠤᠰᠢ ᠶᠢᠨ ᠲᠦᠷᠦᠯ ᠵᠦᠢᠯ ᠢ ᠲᠠᠬᠢᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠪᠤᠬᠢᠷᠳᠤᠯ ᠦᠭᠡᠢ ᠴᠠᠬᠢᠯᠭᠠᠨ + ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ︔ ᠴᠢᠩᠳᠣᠤ ᠶᠢᠨ ᠶᠤᠸᠠᠢ ᠱᠢ ᠪᠠᠯ ᠴᠢᠯᠠᠭᠤ ᠶᠢ ᠪᠥᠮᠪᠥᠭᠡᠵᠢᠭᠦᠯᠬᠦ᠂ ᠨᠡᠭᠦᠷᠡᠰᠦᠳᠦᠷᠦᠭᠴᠢᠵᠢᠭᠦᠯᠬᠦ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠸᠧᠢ ᠪᠸᠢ ᠳ᠋ᠧ᠂ ᠵᠢᠶᠦ᠋ᠨ ᠷᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠮᠡᠯ ᠠᠯᠮᠠᠰ ᠤᠨ ᠲᠦᠷᠦᠯ ᠵᠦᠢᠯ ᠤᠨ ᠴᠢᠳᠠᠮᠵᠢ ᠶᠢ ᠦᠷᠭᠡᠳᠬᠡᠨ᠂ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠪᠠᠶᠢᠭᠤᠯᠤᠨ᠎ᠠ︔ ᠴᠢᠶᠠᠨ ᠬᠤ᠋ ᠴᠠᠬᠢᠯᠭᠠᠨ ᠬᠦᠴᠦᠨ ᠤ ᠴᠠᠬᠢᠯᠭᠠᠨ ᠳᠡᠭᠡᠰᠦ ᠵᠢᠴᠢ ᠬᠦᠩᠭᠡᠨ ᠴᠠᠭᠠᠨ ᠤ ᠳᠠᠮᠵᠢᠭᠤᠯᠬᠤ ᠤᠲᠠᠰᠤᠨ ᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠵᠠᠭᠤᠨ ᠲᠦᠮᠡᠨ ᠲᠣᠨ ᠤ ᠴᠠᠬᠢᠯᠭᠠᠨ ᠵᠠᠳᠠᠯᠤᠯ ᠤᠨ ᠬᠦᠩᠭᠡᠨ ᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠦᠩᠭᠡᠨ ᠴᠠᠭᠠᠨ ᠤ ᠰᠠᠭᠤᠷᠢ ᠠᠵᠤ ᠦᠢᠯᠡᠰ ᠢ ᠤᠷᠲᠤᠳᠬᠠᠨ ᠥᠷᠭᠡᠳᠬᠡᠨ᠎ᠡ︔ ᠶᠤᠸᠠᠨ ᠵᠢᠩ᠂ ᠭᠧ ᠮᠢᠩ ᠵᠡᠷᠭᠡ ᠠᠵᠣ ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠪᠥᠲᠥᠭᠡᠨ ᠪᠠᠶᠢᠭᠤᠯᠬᠤ ᠶᠢ ᠠᠬᠢᠭᠤᠯᠤᠨ᠂ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷᠲᠦ ᠠᠯᠺᠣᠣᠯ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ︽ᠤᠷᠢᠳᠠᠪᠡᠷ ᠪᠠᠶᠢᠭᠤᠯᠵᠦ᠂ ᠳᠠᠬᠢᠨ ᠨᠠᠷᠢᠯᠢᠭᠵᠢᠭᠤᠯᠤᠨ ᠰᠢᠯᠢᠳᠡᠭᠵᠢᠭᠦᠯᠬᠦ︾  ᠶᠢ ᠠᠬᠢᠭᠤᠯᠵᠣ᠂ ᠣᠨᠴᠠ ᠥᠨᠳᠥᠷ ᠬᠦᠴᠦᠳᠡᠯᠲᠦ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠲᠣᠤᠷ ᠳᠣᠭᠢᠷᠠᠭᠤᠯᠬᠤ ᠢᠨᠵᠧᠨᠧᠷᠢᠩ᠂ ᠪᠠᠶᠠᠨᠬᠠᠩᠭᠠᠶ — ᠢᠯᠠᠯᠲᠠ᠂ ᠮᠠᠩᠯᠠᠢ ᠴᠠᠬᠢᠯᠭᠠᠨ ᠦᠢᠯᠡᠳᠪᠦᠷᠢ ᠶᠢᠨ ᠭᠠᠳᠠᠭᠰᠢ ᠬᠦᠷᠭᠡᠬᠦ ᠢᠨᠵᠧᠨᠧᠷᠢᠩ ᠵᠡᠷᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠾᠧᠪᠸᠢ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠨᠡᠪᠲᠡᠷᠡᠬᠦ ᠵᠠᠮ ᠤᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠭᠠᠨ ᠤ ᠨᠤᠲᠠᠯᠠᠯᠲᠠ ᠶᠢ ᠡᠬᠢᠯᠡᠭᠦᠯᠬᠦ ᠶᠢᠨ ᠬᠠᠮᠲᠤ ᠡᠷᠲᠡᠬᠡᠨ ᠳᠦᠷᠢᠮ ᠲᠣᠭᠲᠠᠭᠠᠯ ᠭᠠᠷᠭᠠᠬᠤ ᠪᠠᠷ ᠴᠢᠷᠮᠠᠶᠢᠨ᠎ᠠ᠃ ᠤᠯᠠᠮᠵᠢᠯᠠᠯᠲᠤ ᠠᠵᠤ ᠦᠢᠯᠡᠰ ᠤᠨ ︽ᠣᠶᠣᠨᠴᠢᠯᠠᠭᠰᠠᠨ ᠬᠢᠷᠢ ᠬᠡᠮᠵᠢᠶ᠎ᠡ ᠪᠠ ᠪᠤᠬᠢᠷᠳᠥᠯ ᠦᠭᠡᠢ ᠬᠦᠭᠵᠢᠯᠲᠡ ᠶᠢᠨ ᠴᠢᠳᠠᠪᠦᠷᠢ ᠶᠢ ᠳᠡᠭᠡᠭᠰᠢᠯᠡᠭᠦᠯᠬᠦ︾ ᠶᠢ ᠠᠬᠢᠭᠤᠯᠵᠣ᠂  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠢᠭᠡ ᠪᠦᠯᠦᠭ ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠ ᠣᠶᠤᠨᠴᠢ ᠦᠢᠯᠡᠳᠪᠦᠷᠢᠯᠡᠯ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠳᠬᠡᠨ  ᠬᠡᠷᠡᠭᠵᠢᠭᠦᠯᠬᠦ ᠶᠢ ᠳᠡᠮᠵᠢᠵᠦ᠂ 6.8 ᠳ᠋ᠦᠩᠰᠢᠭᠤᠷ ᠲᠥᠭᠦᠷᠢᠭ ᠣᠷᠣᠭᠤᠯᠤᠨ ᠠᠭᠤᠷᠬᠠᠶ ᠶᠢᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠣ᠂ 4.5 ᠳ᠋ᠦᠩᠰᠢᠭᠤᠷ ᠲᠥᠭᠦᠷᠢᠭ ᠣᠷᠣᠭᠤᠯᠤᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 20 ᠲᠡᠭᠰᠢ ᠳᠥᠷᠪᠡᠯᠵᠢᠨ ᠺᠢᠯᠣᠮᠧᠲᠷ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 4᠂ ᠪᠣᠬᠢᠷᠲᠤᠯ ᠥᠬᠡᠶ ᠦᠢᠯᠡᠳᠪᠦᠷᠢ 3 ᠶᠢ ᠪᠠᠶᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ︽ᠬᠠᠳᠠᠭᠠᠯᠠᠭᠴᠠ ᠪᠠᠨ ᠨᠡᠮᠡᠭᠳᠡᠭᠦᠯᠦᠨ᠂ ᠭᠠᠷᠤᠯᠲᠠ ᠪᠠᠨ ᠳᠡᠭᠡᠭᠰᠢᠯᠡᠭᠦᠯᠬᠦ︾ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠮᠥᠷᠭᠡ ᠳᠤ ᠣᠷᠣᠭᠤᠯᠬᠤ ᠲᠥᠷᠥᠯ ᠵᠦᠢᠯ 30᠂ ᠬᠥᠮᠥᠷᠭᠡ ᠠᠴᠠ ᠭᠠᠷᠭᠠᠬᠤ ᠲᠥᠷᠥᠯ ᠵᠦᠢᠯ 19 ᠶᠢ ᠴᠢᠷᠮᠠᠶᠢᠨ ᠣᠯᠵᠤ᠂ ᠣᠯᠠᠨ ᠲᠡᠮᠦᠷᠯᠢᠭ ᠤᠨ ᠠᠭᠤᠷᠬᠠᠶ ᠶᠢ ᠦᠨᠡᠨ ᠪᠣᠳᠠᠲᠠᠶ ᠪᠠᠷ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠠᠬᠢᠭᠤᠯᠤᠨ᠂ ︽ᠬᠠᠶᠢᠬᠤ᠂ ᠮᠠᠯᠲᠠᠬᠤ᠂ ᠰᠢᠯᠢᠬᠦ᠂ ᠬᠠᠶᠢᠯᠤᠭᠤᠯᠬᠤ᠂  ᠪᠤᠯᠪᠠᠰᠤᠷᠠᠭᠤᠯᠬᠤ︾ ᠶᠢ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠠᠬᠢᠭᠤᠯᠤᠨ᠎ᠠ᠃      ᠬᠤᠶᠠᠷ ᠲᠤ ᠮᠠᠯ ᠠᠵᠤ ᠠᠬᠤᠶ ᠲᠠᠷᠢᠶᠠᠯᠠᠩ ᠤᠨ ︽ᠰᠠᠭᠤᠷᠢ ᠴᠢᠯᠠᠭᠤ︾ ᠶᠢ ᠬᠦᠴᠦᠷᠬᠡᠭᠵᠢᠭᠦᠯᠦᠨ᠎ᠡ᠃ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠠᠳᠬᠤᠵᠤ᠂︽ᠣᠨᠴᠠᠯᠢᠬᠵᠢᠭᠤᠯᠬᠤ᠂ ᠬᠡᠪᠴᠢᠶᠡᠵᠢᠭᠦᠯᠬᠦ᠂ ᠨᠡᠷ᠎ᠡ ᠲᠡᠮᠳᠡᠭᠵᠢᠭᠦᠯᠬᠦ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ︾ ᠶᠢ ᠳᠣᠪᠤᠶᠢᠯᠭᠠᠨ᠂ ᠨᠢᠭᠡ ᠪᠦᠯᠦᠭ ᠲᠣᠭᠲᠠᠵᠤ  ᠴᠢᠳᠠᠬᠤᠶᠢᠴᠠ᠂ ᠨᠡᠷ᠎ᠡ ᠨᠦᠯᠦᠭᠡᠲᠠᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠪᠠ ᠠᠵᠤ ᠦᠢᠯᠡᠰ ᠤᠨ ᠪᠦᠰᠡ ᠶᠢ ᠲᠦᠷᠭᠡᠳᠬᠡᠨ ᠪᠣᠶ ᠪᠣᠯᠭᠠᠨ᠎ᠠ᠃ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ ᠰᠢᠯᠢ ᠶᠢᠨ ᠭᠤᠤᠯ ᠬᠤᠨᠢᠨ ᠤ ᠳᠤᠮᠳᠠᠳᠤ ᠤᠯᠤᠰ ᠤᠨ ᠣᠨᠴᠠᠯᠢᠭ ᠪᠥᠬᠦᠶ ᠮᠠᠯ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ︔ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ᠂ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠪᠦᠰᠡ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ︔ ᠡᠮᠤᠨ᠎ᠡ ᠬᠡᠰᠡᠭ ᠪᠠ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ᠂ ᠴᠠᠭᠠᠨ ᠢᠳᠡᠭᠡᠨ ᠤ ᠦᠢᠯᠡᠰ ᠪᠠ ᠤᠨᠴᠠᠯᠢᠬᠳᠤ ᠴᠠᠭᠠᠨ ᠢᠳᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠷ ᠪᠦᠳᠦᠭᠡᠨ ᠪᠠᠶᠢᠭᠤᠯᠤᠨ᠎ᠠ︔ ᠰᠢᠯᠢ ᠶᠢᠨ ᠬᠤᠲᠠ ᠶᠢᠨ ᠡᠷᠬᠢᠨ ᠲᠣᠭᠤᠷᠢᠨ ᠪᠠ ᠡᠮᠤᠨ᠎ᠡ ᠬᠡᠰᠡᠭ ᠤᠨ ᠬᠤᠰᠢᠭᠤ ᠰᠢᠶᠠᠨ ᠳᠤ ︽ᠮᠢᠬ᠎ᠠ ᠨᠤᠭᠤᠭᠠᠨ ᠤ ᠬᠠᠩᠭᠠᠯᠭ᠎ᠠ︾ ᠶᠢᠨ ᠰᠠᠭᠤᠷᠢᠨ ᠭᠠᠵᠠᠷ ᠢ ᠭᠤᠤᠯᠳᠠᠯᠭ᠎ᠠ ᠲᠠᠢ ᠪᠠᠶᠢᠭᠤᠯᠤᠨ᠎ᠠ᠃ ᠮᠠᠯᠵᠢᠯ ᠤᠨ ᠣᠨ ᠤ ᠮᠢᠬᠠᠨ ᠤ ᠦᠬᠡᠷ ᠤᠨ ᠲᠤᠭ᠎ᠠ ᠶᠢ 230 ᠲᠦᠮᠡᠨ ᠲᠤᠯᠤᠭᠠᠢ᠂ ᠮᠢᠬᠠᠨ ᠤ ᠬᠤᠨᠢᠨ ᠤ ᠲᠤᠭ᠎ᠠ ᠶᠢ 1060 ᠲᠦᠮᠡᠨ ᠲᠤᠯᠤᠭᠠᠢ᠂ ᠮᠢᠬᠠᠨ ᠤ ᠵᠦᠢᠯ ᠤᠨ ᠭᠠᠷᠤᠯᠲᠠ ᠶᠢ 37 ᠲᠦᠮᠡᠨ ᠲᠣᠨ᠂ ᠰᠦᠨ ᠤ ᠭᠠᠷᠤᠯᠲᠠ ᠶᠢ 72 ᠲᠦᠮᠡᠨ ᠲᠣᠨ᠂ ᠴᠠᠭᠠᠨ ᠢᠳᠡᠭᠡᠨ ᠤ ᠭᠠᠷᠤᠯᠲᠠ ᠶᠢ 6 ᠲᠦᠮᠡᠨ ᠲᠣᠨ᠂ ᠲᠥᠮᠥᠰᠥ ᠶᠢᠨ ᠲᠥᠷᠥᠯ ᠪᠠ ᠢᠳᠡᠰᠢᠨ ᠨᠤᠭᠤᠭᠠᠨ ᠤ ᠭᠠᠷᠤᠯᠲᠠ ᠶᠢ 265 ᠲᠦᠮᠡᠨ ᠲᠣᠨ ᠪᠠᠶᠢᠬᠤ ᠶᠢ ᠪᠠᠲᠤᠯᠠᠨ᠎ᠠ᠃ᠲᠠᠪᠴᠠᠩ ᠤᠨ ᠪᠠᠶᠢᠭᠤᠯᠤᠯᠲᠠ ᠶᠢ ᠠᠳᠬᠤᠵᠤ᠂ ᠲᠠᠶᠢᠹᠦᠰᠧ ᠬᠤᠰᠢᠭᠤᠨ ᠤ ᠲᠥᠮᠥᠰᠥ ᠶᠢᠨ ᠤᠯᠤᠰ ᠤᠨ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠤᠨ ᠮᠠᠯ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ  ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠂ ᠪᠠᠷᠠᠭᠤᠨ ᠰᠦᠨᠢᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠮᠠᠯ ᠠᠵᠤ ᠠᠬᠤᠶ  ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠤᠯᠤᠰ ᠤᠨ ᠲᠠᠰ ᠤᠨ ᠮᠢᠬᠠᠨ ᠤ ᠦᠬᠡᠷ᠂ ᠮᠢᠬᠠᠨ ᠤ ᠬᠤᠨᠢᠨ ᠤ ᠭᠤᠤᠯᠳᠠᠯᠭᠠᠳᠦ ᠡᠭᠦᠯᠳᠡᠷ ᠪᠤᠶᠢᠵᠢᠭᠤᠯᠬᠤ ᠲᠠᠯᠠᠪᠠᠶ ᠶᠢ ᠲᠣᠰ ᠲᠣᠰ 1 ᠶᠢ ᠰᠢᠨ᠎ᠡ ᠪᠠᠷ ᠲᠣᠭᠲᠠᠭᠠᠵᠤ᠂ ᠮᠢᠬᠠᠨ ᠤ ᠦᠬᠡᠷ ᠮᠢᠬᠠᠨ ᠤ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ10 ᠶᠢ ᠪᠠᠶᠢᠭᠤᠯᠵᠤ᠂ ᠮᠢᠬᠠᠨ ᠤ ᠬᠤᠨᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ 4 ᠶᠢ ᠪᠠᠶᠢᠭᠤᠯᠵᠤ᠂ ᠴᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ 16 ᠶᠢ ᠪᠠᠶᠢᠭᠤᠯᠬᠤ ᠶᠢ ᠳᠡᠮᠵᠢᠨ᠎ᠡ᠃ ᠲᠤᠯᠤᠭᠠᠶᠢᠯᠠᠭᠴᠢ ᠠᠵᠦ ᠠᠬᠤᠶᠢᠯᠠᠯ ᠢᠶᠠᠷ ᠳᠠᠶᠢᠴᠢᠯᠠᠨ ᠳᠠᠭᠠᠭᠤᠯᠬᠤ ᠶᠢ ᠠᠳᠬᠤᠵᠤ᠂ ︽ᠥᠪᠡᠷ ᠢ ᠪᠠᠨ ᠪᠤᠶᠢᠵᠢᠭᠤᠯᠬᠤ︾ ᠪᠠ ︽ᠭᠠᠳᠠᠨ᠎ᠠ ᠠᠴᠠ ᠣᠷᠣᠭᠤᠯᠬᠤ︾ ᠬᠤᠶᠠᠷ ᠲᠠᠯ᠎ᠠ ᠶᠢ ᠠᠳᠬᠤᠬᠤ ᠶᠢ ᠪᠠᠷᠢᠮᠲᠠᠯᠠᠨ᠂ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠦᠬᠡᠷ ᠬᠤᠨᠢ ᠰᠦ ᠲᠥᠮᠥᠰᠥ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠭᠤᠤᠯ ᠪᠣᠯᠬᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠵᠦ᠂ ᠬᠤᠨᠢᠨ ᠠᠷᠠᠰᠤ᠂ ᠬᠤᠨᠢᠨ ᠰᠡᠭᠦᠯ ᠤᠨ ᠥᠭᠡᠬᠦ ᠵᠡᠷᠭᠡ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠦᠳᠡᠭᠡ ᠲᠤᠰᠬᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠨᠢᠭᠡ ᠪᠦᠯᠦᠭ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠠᠷᠠᠲᠤ ᠲᠡᠮᠳᠡᠭ ᠢᠶᠠᠷ ᠴᠢᠳᠠᠮᠵᠢ ᠣᠯᠭᠤᠬᠤ ᠶᠢ ᠠᠳᠬᠤᠵᠤ᠂ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠡᠷᠬᠡ ᠣᠯᠭᠤᠭᠰᠠᠨ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠬᠤ ᠠᠷᠭ᠎ᠠ ᠵᠠᠮ ᠢᠶᠠᠨ ᠥᠷᠭᠡᠳᠬᠡᠬᠦ ᠶᠢ ᠳᠡᠮᠵᠢᠵᠦ᠂ ᠵᠢᠯ ᠤᠨ ᠳᠣᠲᠣᠷ᠎ᠠ ᠨᠠᠷᠠᠲᠤ ᠲᠡᠮᠳᠡᠭᠲᠦ ᠬᠤᠨᠢ ᠶᠢ 100 ᠲᠦᠮᠡ ᠠᠴᠠ ᠳᠡᠭᠡᠭᠰᠢ ᠳᠤ ᠬᠦᠷᠦᠭᠦᠯᠦᠨ᠎ᠡ︔ ᠰᠢᠯᠢ ᠶᠢᠨ ᠭᠤᠤᠯ ᠴᠠᠭᠠᠨ ᠢᠳᠡᠭᠡᠨ ᠤ ᠪᠣᠷᠣᠯᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ ᠨᠡᠮᠡᠭᠳᠡᠭᠦᠯᠬᠦ ᠶᠢ ᠠᠬᠢᠭᠤᠯᠵᠤ᠂ ᠡᠷᠬᠡ ᠣᠯᠭᠤᠭᠰᠠᠨ ᠭᠤᠤᠯ ᠴᠣᠭᠴᠠ ᠶᠢ 100 ᠣᠷᠴᠢᠮ ᠪᠠᠶᠢᠯᠭᠠᠬᠤ ᠶᠢ ᠪᠠᠲᠤᠯᠠᠨ᠎ᠠ︔ ᠰᠢᠯᠢ ᠶᠢᠨ ᠭᠤᠤᠯ ᠦᠬᠡᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠤᠨ ᠨᠡᠶᠢᠲᠡᠯᠡᠬᠦ ᠪᠠ ᠡᠷᠬᠡ ᠣᠯᠭᠤᠬᠤ ᠠᠵᠢᠯ ᠢ ᠪᠡᠶᠡᠯᠡᠭᠦᠯᠵᠦ᠂ ᠨᠠᠷᠠᠲᠤ ᠳᠡᠮᠳᠡᠭ ᠤᠨ ᠦᠢᠯᠡᠳᠭᠦᠨ ᠤ ᠨᠡᠮᠡᠯᠲᠡ ᠥᠷᠲᠡᠭ ᠪᠠ ᠦᠨ᠎ᠡ ᠦᠰᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠭᠤᠷᠪᠠ ᠳᠤ ᠦᠢᠯᠡᠴᠢᠯᠡᠭᠡᠨ ᠤ ᠦᠢᠯᠡᠰ ᠤᠨ ︽ᠠᠮᠢᠨ ᠰᠤᠳᠠᠰᠤ︾ ᠶᠢ ᠠᠮᠢᠯᠠᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠳᠠᠭᠤᠷᠢᠰᠤᠭᠤᠯᠵᠤ᠂ ᠥᠪᠡᠷᠲᠡᠭᠡᠨ ᠵᠠᠰᠠᠬᠤ ᠣᠷᠣᠨ ᠤ 35 ᠳ᠋ᠤᠭᠠᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠢ ᠢᠳᠡᠪᠬᠢᠲᠡᠶ ᠳᠠᠭᠠᠭᠠᠴᠢᠯᠠᠨ ᠡᠷᠭᠢᠯᠡᠵᠦ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠮᠠᠰᠢᠨ ᠲᠡᠷᠭᠡᠨ ᠤ ᠬᠦᠴᠦ ᠰᠤᠷᠢᠬᠤ ᠤᠷᠤᠯᠳᠤᠭᠠᠨ ᠵᠡᠷᠭᠡ ᠪᠥᠬᠦ ᠵᠢᠯ ᠤᠨ 14 ᠵᠦᠢᠯ ᠤᠨ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠤᠯᠠᠭᠠᠶ ᠶᠢᠨ ᠵᠢᠦ ᠴᠢᠦᠶ ᠸᠠᠨ ᠤ 5A ᠦᠵᠡᠮᠵᠢ ᠶᠢᠨ ᠣᠷᠣᠨ᠂ ᠳᠤᠯᠤᠨ ᠨᠠᠭᠤᠷ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠴᠡᠴᠡᠷᠯᠢᠭ ᠢ ᠪᠥᠲᠥᠭᠡᠨ ᠪᠠᠶᠢᠭᠤᠯᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠥᠪᠡᠷ ᠢᠶᠠᠨ ᠲᠡᠷᠭᠡ ᠵᠢᠯᠣᠭᠤᠳᠴᠤ ᠲᠣᠭᠤᠷᠢᠯ  ᠱᠤᠭᠤᠮ ᠢ ᠲᠤᠭᠤᠯᠬᠤ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ 20 ᠵᠤᠷᠪᠤᠰ ᠠᠴᠠ ᠳᠡᠭᠡᠭᠰᠢ ᠭᠠᠷᠭᠠᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠨ ᠬᠠᠮᠢᠶᠠᠷᠬᠤ᠂ ᠤᠬᠠᠭᠤᠯᠤᠨ ᠰᠣᠷᠳᠠᠯᠴᠢᠯᠠᠬᠤ᠂ ᠵᠢᠭᠤᠯᠴᠢᠯᠠᠯ ᠤᠨ ᠬᠥᠭᠵᠢᠯᠲᠡ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠮᠤᠭ ᠰᠢᠨ᠎ᠡ ᠰᠤᠳᠤᠯᠭᠠᠨ ᠤ ᠦᠷ᠎ᠡ ᠪᠦᠲᠦᠭᠡᠯ ᠢ ᠤᠬᠠᠭᠤᠯᠤᠨ ᠳᠡᠯᠭᠡᠨ ᠦᠵᠡᠭᠦᠯᠬᠦ ᠠᠵᠢᠯ ᠢ ᠰᠠᠶᠢᠲᠤᠷ ᠬᠢᠨ᠎ᠡ᠃ ︿ᠰᠢᠯᠢ ᠶᠢᠨ ᠭᠤᠤᠯ ᠤᠨ ᠬᠤᠪᠤᠷ ᠪᠦᠲᠦᠭᠡᠭᠳᠡᠭᠦᠨ﹀ ᠢᠶᠠᠷ ᠭᠤᠤᠯ ᠰᠡᠳᠦᠪ ᠪᠣᠯᠭᠠᠵᠤ᠂ ᠨᠢᠭᠡ ᠪᠦᠯᠦᠭ ᠨᠡᠷ᠎ᠡ ᠠᠯᠳᠠᠷᠰᠢᠭᠰᠠᠨ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠰᠣᠶᠣᠯ ᠤᠨ ᠡᠭᠦᠳᠦᠯᠲᠡ ᠶᠢᠨ ᠲᠠᠸᠠᠷ ᠵᠡᠷᠭᠡ ︽ᠰᠢᠯᠢ ᠶᠢᠨ ᠭᠤᠤᠯ ᠤᠨ ᠤᠬᠢ ᠡᠳ᠋︾ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠣᠯᠠᠨ ᠤ ᠠᠩᠬᠠᠷᠤᠯ ᠢ ᠲᠠᠲᠠᠭᠰᠠᠨ ᠤᠬᠠᠭᠤᠯᠭ᠎ᠠ ᠶᠢᠨ ᠪᠦᠲᠦᠭᠡᠯ ᠢ ᠡᠭᠦᠳᠦᠨ᠂ ︽ᠰᠠᠷᠠᠭᠤᠯ ᠠᠭᠤᠳᠠᠮ ᠲᠠᠯ᠎ᠠ ᠨᠤᠲᠤᠭ · ᠰᠢᠯᠢ ᠶᠢᠨ ᠭᠤᠤᠯ︾ ᠤᠨ ᠨᠠᠷᠠᠲᠤ ᠳᠡᠮᠳᠡᠭ ᠢ ᠪᠥᠬᠦ ᠤᠯᠤᠰ ᠲᠤ ᠠᠯᠳᠠᠷᠰᠢᠭᠤᠯᠤᠨ᠎ᠠ᠃ ᠪᠣᠳᠠᠲᠤ ᠴᠣᠭᠴᠠ ᠶᠢᠨ ᠬᠤᠳᠠᠯᠳᠤᠭᠠᠨ ᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡᠨ ᠤ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠰᠢᠯᠢ ᠶᠢᠨ ᠬᠤᠲᠠ ᠶᠢᠨ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡ᠂ ᠲᠤᠯᠤᠨ ᠨᠤᠤᠷ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠶ ᠠᠬᠢᠭᠤᠯᠵᠤ᠂ ᠤᠯᠠᠮᠵᠢᠯᠠᠯᠲᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠵᠢᠭᠰᠡᠨ᠂ ᠨᠠᠷᠠᠲᠤ ᠲᠡᠮᠳᠡᠭᠵᠢᠭᠰᠡᠨ ᠵᠠᠭᠪᠤᠷ ᠳᠠᠰᠢ ᠬᠡᠯᠪᠡᠷᠢ ᠶᠢ ᠨᠢ ᠬᠤᠪᠢᠷᠠᠭᠤᠯᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠠᠳᠠᠯ ᠠᠬᠤᠶ᠂  ᠭᠡᠷ ᠠᠬᠤᠢ ᠶᠢᠨ ᠤᠶᠢᠯᠡᠴᠢᠯᠡᠭᠡ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ᠂ ᠡᠭᠦᠳᠡᠨ ᠳᠡᠯᠭᠡᠭᠦᠷ ᠤᠨ ᠬᠤᠳᠠᠯᠳᠤᠭ᠎ᠠ᠂ ᠰᠥᠨᠢ ᠶᠢᠨ ᠵᠠᠬ᠎ᠠ ᠵᠡᠭᠡᠯᠢ᠂ ᠰᠢᠭᠤᠳ ᠨᠡᠪᠲᠡᠷᠡᠭᠦᠯᠭᠡ ᠬᠢᠬᠦ ᠵᠡᠷᠭᠡ ᠶᠢ ᠪᠥᠬᠦ ᠲᠠᠯ᠎ᠠ ᠪᠠᠷ ᠬᠥᠭᠵᠢᠶᠡᠨᠲᠡᠶ ᠪᠣᠯᠭᠠᠨ᠎ᠠ᠃ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠮᠣᠩᠭᠤᠯ ᠣᠷᠣᠰ ᠤᠨ ᠪᠠᠷᠠᠭᠠᠨ ᠤ ᠭᠦᠢᠯᠭᠡᠭᠡᠨ ᠤ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠤᠷᠰᠢᠯᠲᠠ ᠶᠢᠨ ᠴᠡᠭ ᠵᠢᠴᠢ ᠮᠣᠩᠭᠤᠯ ᠣᠷᠣᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ  ᠳᠠᠭᠠᠭᠤᠯᠤᠭᠴᠢ ᠠᠵᠦ ᠠᠬᠤᠶᠢᠯᠠᠯ 2 ᠶᠢ ᠪᠤᠶᠢᠵᠢᠭᠤᠯᠤᠨ᠎ᠠ᠃      ᠲᠦᠷᠪᠡ ᠳᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ︽ᠬᠥᠳᠡᠯᠭᠡᠭᠦᠷ︾  ᠤᠨ ᠤᠶᠢᠯᠡᠳᠤᠯ ᠢ ᠪᠠᠳᠠᠷᠠᠭᠤᠯᠤᠨ᠎ᠠ᠃ ᠰᠢᠨ᠎ᠡ ᠡᠨᠧᠷᠭᠢ ᠶᠢᠨ ᠲᠤᠨᠤᠭᠯᠠᠯ ᠦᠢᠯᠡᠳᠬᠦ ᠪᠠ ᠠᠵᠢᠯᠯᠠᠭᠤᠯᠬᠤ ᠠᠵᠤ ᠦᠢᠯᠡᠰ ᠢ ᠬᠦᠴᠦᠷᠬᠡᠭᠵᠢᠭᠦᠯᠵᠦ᠂ ᠵᠢᠩ ᠨᠧᠩ ᠲᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠶᠢᠨ ᠹᠧᠩ ᠨᠡᠭᠦᠷᠡᠰᠦᠲᠥ᠋ᠷᠥᠭᠴᠢ ᠶᠢᠨ ᠪᠤᠬᠢᠷᠳᠤᠯ ᠥᠬᠡᠶ ᠣᠶᠤᠨᠴᠢ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠭᠤᠤᠯ ᠰᠡᠯᠪᠢᠭ ᠲᠣᠨᠤᠭ ᠤᠨ ᠠᠵᠤ ᠠᠬᠤᠶᠢᠯᠠᠯ᠂ ᠲᠤᠯᠤᠭᠠᠶᠢᠯᠠᠭᠴᠢ ᠠᠵᠤ ᠠᠬᠤᠶᠢᠯᠠᠯ᠂ ᠬᠡᠯᠬᠢᠶᠡᠵᠢᠭᠰᠡᠨ ᠭᠤᠤᠯ ᠠᠵᠤ ᠠᠬᠤᠶᠢᠯᠠᠯ ᠢ ᠢᠳᠡᠪᠬᠢᠲᠡᠶ ᠪᠠᠷ ᠲᠡᠳᠡᠨ ᠣᠷᠣᠭᠤᠯᠵᠤ᠂ ᠺᠠᠯᠼ ᠲᠢᠲ᠋ᠠᠨ ᠤ ᠠᠭᠤᠷᠬᠠᠶ ᠶᠢᠨ ᠬᠡᠷᠡᠯ ᠴᠡᠨᠡᠭ ᠤᠨ ᠲᠤᠨᠤᠭᠯᠠᠯ᠂ ᠬᠠᠲᠠᠭᠤ ᠲᠦᠯᠦᠪᠲᠦ ᠴᠠᠬᠢᠯᠭᠠᠨ ᠴᠡᠨᠡᠭ ᠵᠡᠷᠭᠡ ᠲᠥᠷᠥᠯ ᠵᠦᠢᠯ ᠢ ᠰᠦᠪᠡᠭᠴᠢᠯᠡᠨ ᠨᠠᠶᠢᠳᠠᠪᠤᠷᠢᠵᠢᠭᠤᠯᠵᠤ᠂ ᠰᠠᠯᠬᠢᠨ ᠬᠦᠴᠦᠨ ᠤ ᠮᠠᠰᠢᠨ ᠤ ᠭᠤᠤᠯ ᠮᠠᠰᠢᠨ ᠤ ᠦᠢᠯᠡᠳᠪᠦᠷᠢᠯᠡᠬᠦ ᠴᠢᠳᠠᠪᠤᠷᠢ ᠶᠢ 3000 ᠢᠵᠢ ᠠᠴᠠ ᠳᠡᠭᠡᠭᠰᠢ ᠪᠠᠶᠢᠬᠤ ᠶᠢ ᠦᠨᠡᠨᠬᠦ ᠪᠠᠲᠤᠯᠠᠵᠤ᠂ ᠬᠡᠷᠡᠯ ᠴᠡᠨᠡᠭ ᠤᠨ ᠲᠤᠨᠤᠭᠯᠠᠯ ᠤᠨ ᠦᠢᠯᠡᠳᠪᠦᠷᠢᠯᠡᠬᠦ ᠴᠢᠳᠠᠪᠤᠷᠢ ᠶᠢ 1GW ᠳᠤ ᠬᠦᠷᠦᠭᠦᠯᠵᠦ᠂ ᠡᠨᠧᠷᠭᠢ ᠬᠠᠳᠠᠭᠠᠯᠠᠬᠤ ᠲᠤᠨᠤᠭᠯᠠᠯ ᠤᠨ ᠦᠢᠯᠡᠳᠪᠦᠷᠢᠯᠡᠬᠦ ᠴᠢᠳᠠᠪᠤᠷᠢ ᠶᠢ 14 GW ᠳᠤ ᠬᠦᠷᠦᠭᠦᠯᠦᠨ᠎ᠡ᠃ ᠠᠶᠢᠮᠠᠭ ᠤᠨ ᠱᠠᠲᠤᠨ ᠤ ᠰᠢᠨ᠎ᠡ ᠡᠨᠧᠷᠭᠢ ᠶᠢᠨ ᠣᠶᠤᠨᠴᠢ ᠦᠢᠯᠡᠴᠢᠯᠡᠭᠡᠨ ᠤ ᠲᠠᠪᠴᠠᠩ ᠢ ᠵᠣᠬᠢᠶᠠᠨ ᠪᠠᠶᠢᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠰᠡᠯᠪᠢᠨ ᠵᠠᠰᠠᠬᠤ᠂ ᠳᠣᠭᠢᠷᠠᠭᠤᠯᠤᠨ ᠬᠠᠮᠢᠶᠠᠷᠬᠤ᠂ ᠣᠶᠤᠨᠴᠢ ᠪᠠᠷ ᠲᠥᠪᠯᠡᠷᠡᠭᠦᠯᠦᠨ ᠡᠵᠡᠮᠳᠡᠬᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠵᠦ᠂ ᠪᠥᠬᠦ ᠠᠶᠢᠮᠠᠭ ᠲᠤ ᠦᠢᠯᠡᠴᠢᠯᠡᠬᠦ᠂ ᠡᠷᠬᠢᠨ ᠲᠣᠭᠤᠷᠢᠨ ᠢ ᠨᠥᠯᠥᠭᠡᠯᠡᠬᠦ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠵᠢᠭᠰᠡᠨ ᠲᠤᠨᠤᠭᠯᠠᠯ ᠦᠢᠯᠡᠳᠬᠦ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠳ᠋ᠠ ᠲᠠᠩ ᠤᠨ ᠲᠤᠯᠤᠨ ᠨᠤᠤᠷ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠠᠬᠢᠭᠤᠯᠵᠤ᠂ ᠨᠡᠭᠦᠷᠡᠰᠦ ᠪᠠᠷ ᠰᠠᠭᠤᠷᠢᠯᠠᠭᠰᠠᠨ ᠴᠢᠨᠠᠷ ᠰᠠᠶᠢᠲᠠᠢ ᠳᠤᠰᠤᠨ ᠤ ᠲᠦᠷᠦᠯ ᠵᠦᠢᠯ ᠢ ᠲᠠᠳᠠᠨ ᠤᠷᠤᠭᠤᠯᠵᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠤᠨ ᠪᠤᠬᠢᠷᠳᠤᠯ ᠦᠭᠡᠢ ᠴᠠᠬᠢᠯᠭᠠᠨ ᠪᠤᠬᠢᠷᠳᠤᠯ ᠦᠭᠡᠢ ᠤᠰᠤᠲᠥ᠋ᠷᠥᠭᠴᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠤᠨ᠎ᠠ︔ ᠬᠠᠶᠢᠯᠤᠭᠤᠷ ᠵᠣᠩᠰᠢ ᠶᠢᠨ ᠠᠭᠤᠷᠬᠠᠶ ᠶᠢ ᠨᠢᠭᠡ ᠴᠣᠭᠴᠠᠵᠢᠭᠤᠯᠬᠤ ᠶᠢᠨ ᠲᠣᠭᠤᠷᠢᠨ ᠳᠤ᠂ ᠬᠠᠶᠢᠯᠤᠭᠤᠷ ᠵᠣᠩᠰᠢ ᠶᠢ ᠨᠠᠷᠢᠯᠢᠭ ᠡᠳ᠋ᠰᠢᠭᠦᠯᠬᠦ ᠪᠠ ᠹᠯᠣᠷ ᠬᠢᠮᠢ ᠶᠢᠨ ᠠᠵᠤ ᠦᠢᠯᠡᠳᠪᠦᠷᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠢ ᠲᠠᠳᠠᠨ ᠤᠷᠤᠭᠤᠯᠤᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ ᠯᠢᠲ᠋ᠢ᠂ ᠭᠧᠷᠮᠠᠨ ᠵᠡᠷᠭᠡ ᠬᠤᠪᠣᠷ ᠴᠤᠬᠠᠭ ᠲᠡᠮᠦᠷᠯᠢᠭ ᠲᠤ ᠰᠠᠭᠤᠷᠢᠯᠠᠨ᠂ ᠭᠠᠨᠹᠧᠩ ᠯᠢᠲ᠋ᠢ ᠶᠢᠨ ᠦᠢᠯᠡᠰ ᠤᠨ ᠹᠣᠰᠹᠣᠷ ᠬᠦᠴᠢᠯ ᠤᠨ ᠲᠡᠮᠦᠷ ᠯᠢᠲ᠋ᠢ ᠪᠠ ᠴᠠᠬᠢᠯᠭᠠᠨ ᠦᠢᠯᠡᠳᠬᠦ᠂ ᠰᠢᠶᠠᠨ ᠳ᠋ᠣᠣ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠰᠢᠨ᠎ᠡ ᠬᠡᠯᠪᠡᠷᠢ ᠶᠢᠨ ᠬᠡᠷᠡᠯ ᠡᠯᠧᠺᠲᠷᠣᠨ ᠤ ᠮᠠᠲ᠋ᠧᠷᠢᠶᠠᠯ᠂ ᠪᠸᠢ ᠽᠢ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠶᠢᠨ ᠳᠡᠭᠡᠳᠦ ᠴᠢᠳᠠᠮᠵᠢᠳᠤ ᠵᠥᠭᠡᠯᠡᠨ ᠰᠣᠷᠢᠨᠵᠢᠨ ᠮᠠᠲ᠋ᠧᠷᠢᠶᠠᠯ ᠵᠡᠷᠭᠡ ᠲᠥᠷᠥᠯ ᠵᠦᠢᠯ ᠢ ᠲᠦᠷᠭᠡᠳᠬᠡᠨ ᠪᠥᠲᠥᠭᠡᠨ ᠪᠠᠶᠢᠭᠤᠯᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠪᠣᠯᠪᠠᠰᠤᠷᠠᠭᠤᠯᠵᠤ ᠭᠠᠷᠭᠠᠬᠤ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠠᠭᠠᠷ ᠤᠨ ᠭᠦᠢᠬᠡᠨ ᠳᠤ ᠠᠶᠠᠯᠠᠬᠤ ᠠᠵᠤ ᠦᠢᠯᠡᠰ ᠢ ᠢᠳᠡᠪᠬᠢᠲᠡᠶ ᠪᠠᠷ ᠰᠦᠪᠡᠭᠴᠢᠯᠡᠵᠦ᠂ ᠠᠭᠠᠷ ᠤᠨ ᠭᠦᠢᠬᠡᠨ ᠳᠤ ᠠᠶᠠᠯᠠᠬᠤ ᠠᠵᠤ ᠦᠢᠯᠡᠰ ᠯᠦᠭᠡ ᠶᠢᠨ ᠬᠤᠯᠪᠣᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠣᠲᠣ ᠶᠢᠨ ᠪᠠᠶᠢᠭ᠎ᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠴᠢ ᠠᠭᠠᠷ ᠤᠨ ᠣᠷᠣᠨ  ᠵᠠᠢ ᠶᠢ ᠨᠢᠭᠡᠳᠦᠭᠦᠯᠵᠦ᠂ ᠠᠭᠠᠷ ᠤᠨ ᠭᠦᠢᠬᠡᠨ ᠳᠤ ᠠᠶᠠᠯᠠᠬᠤ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠪᠠ 2 ᠲᠤᠷᠰᠢᠯᠲᠠ ᠶᠢᠨ ᠲᠠᠰᠤᠭ ᠪᠠᠶᠢᠭᠤᠯᠵᠤ᠂ ᠠᠭᠠᠷ ᠤᠨ ᠭᠦᠢᠬᠡᠨ ᠳᠤ ᠠᠶᠠᠯᠠᠬᠤ ᠪᠠᠷᠠᠭᠠᠨ ᠤ  ᠭᠦᠢᠯᠭᠡᠭᠡᠨ᠂ ᠵᠢᠭᠤᠯᠴᠢᠯᠠᠯ᠂ ᠮᠠᠯ ᠠᠵᠤ ᠠᠬᠤᠶ ᠲᠠᠷᠢᠶᠠᠯᠠᠩ ᠪᠠ ᠠᠮᠢ ᠠᠬᠤᠶ ᠶᠢᠨ ᠵᠠᠰᠠᠯᠲᠠ ᠵᠡᠷᠭᠡ ᠣᠯᠠᠨ ᠬᠦᠷᠢᠶ᠎ᠡ ᠴᠠᠷᠠᠭᠠᠨ ᠳᠠᠬᠢ ᠬᠤᠳᠠᠯᠳᠤᠭᠠᠨ ᠤ ᠬᠡᠷᠡᠭᠯᠡᠭᠡᠨ ᠢ ᠬᠠᠶᠢᠨ ᠰᠦᠪᠡᠭᠴᠢᠯᠡᠨ᠎ᠡ᠃      ︵ᠭᠤᠷᠪᠠ︶ ᠰᠢᠰᠲ᠋ᠧᠮ ᠲᠠᠢ ᠪᠠᠷ ᠵᠠᠰᠠᠬᠤ᠂ ᠨᠢᠭᠡ ᠴᠤᠭᠴᠠᠵᠢᠭᠤᠯᠤᠨ ᠬᠠᠮᠠᠭᠠᠯᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠭᠡᠯ ᠢ ᠬᠦᠴᠦᠯᠡᠨ ᠥᠷᠭᠡᠳᠬᠡᠨ᠎ᠡ᠃      ᠨᠢᠭᠡ ᠳᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠰᠠᠶᠢᠲᠤᠷ ᠬᠢᠨ᠎ᠡ᠃  ᠥᠪᠡᠷ ᠢ ᠪᠠᠨ ᠴᠢᠩᠭᠠᠳᠬᠠᠨ᠂ ᠢᠯᠡᠭᠦᠬᠡᠨ ᠠᠵᠢᠯᠯᠠᠵᠤ ᠲᠦᠷᠭᠡᠨ ᠠᠵᠢᠯᠯᠠᠬᠤ ᠶᠢ ᠪᠠᠷᠢᠮᠲᠠᠯᠠᠨ᠂ ᠵᠢᠯ ᠤᠨ ᠳᠣᠲᠣᠷ᠎ᠠ 566 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠪᠠᠷ ᠲᠦᠯᠦᠪᠯᠡᠨ᠎ᠡ᠃ ᠴᠢᠬᠢ ᠮᠣᠳᠣ ᠶᠢ ᠨᠥᠭᠡᠴᠡᠯᠡᠬᠦ᠂ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠬᠤ ᠪᠠ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠴᠢᠩᠭᠠᠷᠠᠭᠤᠯᠤᠨ᠂ ᠴᠢᠬᠢ ᠮᠤᠳᠤᠨ ᠤ ᠥᠪᠡᠷ ᠢ ᠪᠠᠨ ᠬᠠᠩᠭᠠᠬᠤ ᠨᠤᠷᠮ᠎ᠠ ᠶᠢ 100%  ᠲᠤ ᠬᠦᠷᠦᠭᠦᠯᠵᠦ᠂ ᠮᠣᠳᠣᠨ ᠤ ᠦᠷ᠎ᠡ ᠶᠢᠨ ᠥᠪᠡᠷ ᠢ ᠪᠠᠨ ᠬᠠᠩᠭᠠᠬᠤ ᠨᠤᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃      ᠬᠤᠶᠠᠷ ᠲᠤ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠠ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠤᠷᠡᠲᠡᠯ᠎ᠡ ᠮᠠᠯᠵᠢᠬᠤ ᠠᠰᠠᠭᠤᠳᠠᠯ ᠢ  ᠰᠶᠢᠳᠪᠦᠷᠢᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠣ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠬᠦ  ᠶᠢ ᠵᠤᠭᠰᠤᠭᠠᠵᠦ ᠰᠡᠯᠭᠦᠨ ᠮᠠᠯᠵᠢᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠠᠯ ᠠᠵᠤ ᠠᠬᠤᠶ ᠶᠢᠨ ᠪᠡᠯᠡᠳᠭᠡᠯ ᠲᠦᠬᠦᠭᠡᠷᠦᠮᠵᠢ ᠪᠠ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠳᠡᠮᠵᠢᠵᠦ᠂ ᠪᠠᠶᠢᠭᠠᠯᠢᠯᠢᠭ ᠨᠤᠲᠤᠭ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠶᠢ ᠦᠨᠡᠨᠬᠦ ᠪᠠᠲᠤᠯᠠᠵᠤ᠂ ᠪᠥᠬᠦ ᠣᠷᠣᠨ ᠳᠤ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠤᠷᠢᠳᠠᠪᠠᠷ ᠬᠡᠷᠡᠭᠵᠢᠭᠦᠯᠬᠦ ᠣᠷᠣᠨ ᠢ ᠤᠷᠢᠳᠴᠢᠯᠠᠨ ᠪᠥᠲᠥᠭᠡᠨ ᠪᠠᠶᠢᠭᠤᠯᠤᠨ᠎ᠠ᠃ ᠠᠮᠢ ᠠᠬᠤᠶ ᠶᠢᠨ ᠵᠠᠰᠠᠯᠲᠠ ᠶᠢᠨ ᠣᠷᠣᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠦᠨᠡᠨᠬᠦ ᠬᠤᠷᠢᠭᠯᠠᠨ᠂ ᠳᠠᠭᠠᠭᠠᠴᠠ ᠠᠴᠠ ᠬᠡᠲᠦᠷᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃      ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠵᠣ᠂ ᠲᠥᠪ ᠤᠨ ᠭᠤᠷᠪᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ  ᠪᠠᠶᠢᠴᠠᠭᠠᠯᠲᠠ ᠶᠢ ᠤᠭᠲᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠵᠠᠰᠠᠬᠤ᠂ ᠴᠡᠪᠡᠷ ᠡᠨᠧᠷᠭᠢ ᠶᠢᠨ ᠰᠤᠷᠪᠤᠯᠵᠢ ᠪᠠ ᠦᠨᠳᠦᠷ ᠪᠦᠳᠣᠮᠵᠢᠲᠠᠢ ᠡᠨᠧᠷᠭᠢ ᠪᠠᠷ ᠪᠤᠬᠢᠷᠳᠤᠯ ᠶᠡᠬᠡᠲᠠᠢ ᠲᠣᠯᠠᠭᠠᠯᠠᠭ᠎ᠠ ᠶᠢ ᠦᠭᠡᠷᠡᠴᠢᠯᠡᠬᠦ ᠵᠡᠷᠭᠡ ᠠᠵᠢᠯ ᠢ ᠴᠢᠩᠭᠠᠳᠬᠠᠵᠤ᠂ ᠠᠭᠠᠷ ᠤᠨ ᠴᠡᠪᠡᠷᠴᠡ ᠶᠢ ᠦᠨᠡᠨᠬᠦ ᠪᠠᠲᠤᠯᠠᠨ᠎ᠠ᠃ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠶᠢ ᠲᠦᠯᠬᠢᠨ ᠠᠬᠢᠭᠤᠯᠤᠨ᠂ ᠤᠯᠤᠰ ᠤᠨ ᠬᠢᠨᠠᠨ ᠰᠢᠯᠭᠠᠯᠲᠠ ᠶᠢᠨ ᠬᠡᠰᠡᠭ  ᠤᠨ ᠤᠰᠤᠨ ᠤ ᠴᠢᠨᠠᠷ ᠢ ᠪᠠᠷᠢᠮᠵᠢᠶᠠᠨ ᠳᠤ ᠬᠦᠷᠭᠡᠬᠦ ᠶᠢ ᠪᠠᠲᠤᠯᠠᠨ᠎ᠠ᠃ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠂ ᠭᠠᠳᠠᠭᠰᠢ ᠲᠡᠭᠡᠭᠡᠪᠦᠷᠢᠯᠡᠵᠦ ᠭᠠᠳᠠᠭᠰᠢ ᠪᠣᠷᠣᠯᠠᠭᠤᠯᠬᠤ ᠪᠠ ᠲᠤᠰ ᠭᠠᠵᠠᠷ ᠲᠤᠨᠢ ᠬᠡᠪᠴᠢᠶᠡᠵᠢᠭᠦᠯᠦᠨ ᠠᠰᠢᠭᠯᠠᠬᠤ ᠶᠢ ᠰᠠᠶᠢᠲᠤᠷ ᠬᠢᠨ᠎ᠡ᠃      ᠲᠦᠷᠪᠡ ᠳᠤ ᠤᠰᠤ ᠠᠷᠪᠢᠯᠠᠬᠤ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠬᠠᠮᠵᠢᠯᠴᠠᠭᠠᠨ ᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠰᠤ ᠠᠷᠪᠢᠯᠠᠬᠤ ᠠᠵᠢᠯᠯᠠᠭ᠎ᠠ  ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ ᠪᠤᠬᠢᠷᠳᠤᠯ ᠤᠰᠤ ᠶᠢ ᠳᠠᠬᠢᠨ ᠠᠰᠢᠭᠯᠠᠬᠤ ᠵᠡᠷᠭᠡ ᠠᠷᠭ᠎ᠠ ᠬᠡᠮᠵᠢᠶᠡᠨ ᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠣᠰᠣᠯᠠᠯᠳᠠ ᠶᠢᠨ ᠲᠠᠯᠠᠪᠠᠶ ᠶᠢ 60 ᠲᠦᠮᠡᠨ ᠮᠥ ᠳᠤ ᠬᠦᠷᠦᠭᠦᠯᠦᠨ᠎ᠡ︔ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ 5 ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ 2 ᠠᠵᠤ ᠠᠬᠤᠶᠢᠯᠠᠯ ᠢ ᠪᠠᠶᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠡᠨᠧᠷᠭᠢ ᠠᠷᠪᠢᠯᠠᠬᠤ ᠬᠠᠮᠢᠶᠠᠷᠤᠯᠲᠠ ᠪᠠ ᠡᠨᠧᠷᠭᠢ ᠶᠢᠨ ᠠᠰᠢᠭᠯᠠᠮᠵᠢ ᠶᠢᠨ ᠳᠡᠭᠡᠭᠰᠢᠯᠡᠯᠲᠡ ᠶᠢ ᠴᠢᠩᠭᠠᠳᠬᠠᠨ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠬᠤᠴᠣᠷᠤᠩᠭᠤᠶ ᠮᠠᠰᠢᠨ ᠴᠠᠬᠢᠯᠭᠠᠨ ᠤ ᠲᠥᠬᠦᠭᠡᠷᠦᠮᠵᠢ ᠶᠢ 240 ᠠᠴᠠ ᠳᠡᠭᠡᠭᠰᠢ ᠰᠢᠭᠰᠢᠭᠳᠡᠭᠦᠯᠦᠨ᠎ᠡ᠃ ᠳᠠᠬᠢᠨ ᠡᠭᠦᠰᠴᠦ ᠪᠣᠯᠬᠤ ᠡᠨᠧᠷᠭᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠪᠣᠬᠢᠷᠳᠣᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠪᠤᠬᠢᠷᠳᠤᠯ ᠦᠭᠡᠢ ᠴᠠᠬᠢᠯᠭᠠᠨ ᠬᠦᠴᠦᠨ ᠤ ᠦᠨᠡᠮᠯᠡᠯ ᠢ ᠬᠤᠳᠠᠯᠳᠤᠨ ᠠᠪᠬᠤ ᠪᠠᠷ ᠳᠠᠮᠵᠢᠭᠤᠯᠤᠨ ᠰᠢᠨ᠎ᠡ ᠪᠠᠷ ᠨᠡᠮᠡᠭᠳᠡᠭᠰᠡᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠬᠠᠷᠠᠯᠲᠠ  ᠪᠠᠨ ᠪᠡᠶᠡᠯᠡᠭᠦᠯᠬᠦ ᠶᠢ ᠦᠨᠡᠨᠬᠦ‌‍ᠪᠠᠲᠤᠯᠠᠭᠰᠠᠨ ᠤᠷᠢᠲᠠᠯ ᠳᠤᠤᠷ᠎ᠠ᠂ ᠮᠠᠨ ᠤ ᠠᠶᠢᠮᠠᠭ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠰᠠᠭᠤᠷᠢ ᠲᠤᠭ᠎ᠠ ᠶᠢ ᠤᠯᠠᠮ ᠶᠡᠬᠡᠳᠬᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠤᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠰᠠᠭᠤᠷᠢ ᠲᠠᠯᠪᠢᠨ᠎ᠠ᠃      ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠴᠦᠯᠡᠨ ᠬᠦᠭᠵᠢᠬᠦᠯᠦᠨ᠎ᠡ᠃      ᠨᠢᠭᠡ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠰᠠᠭᠤᠷᠢ ᠮᠥᠩᠭᠦ ᠪᠠᠷ ᠠᠷᠠᠯᠵᠢᠶᠠᠴᠢᠨ ᠤᠷᠢᠬᠤ ᠶᠢ ᠲᠤᠪᠤᠶᠢᠯᠭᠠᠵᠦ᠂ ︽ᠮᠢᠩᠭ᠎ᠠ ᠲᠦᠮᠡᠨ ᠠᠭᠤᠯᠠ ᠤᠰᠦ᠂ ᠮᠢᠩᠭ᠎ᠠ ᠲᠦᠮᠡᠨ ᠪᠡᠷᠬᠡ ᠪᠠᠷᠲᠠᠭ᠎ᠠ᠂ ᠮᠢᠩᠭ᠎ᠠ ᠲᠦᠮᠡᠨ ᠦᠭᠡ ᠶᠠᠷᠢᠶ᠎ᠠ᠂ ᠮᠢᠩᠭ᠎ᠠ ᠲᠦᠮᠡᠨ ᠠᠷᠭ᠎ᠠ ᠪᠤᠳᠤᠯᠭ᠎ᠠ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠠᠷᠠᠯᠵᠢᠶᠠᠴᠢᠨ ᠤᠷᠢᠬᠤ ᠲᠦᠷᠦᠯ ᠵᠦᠢᠯ ᠢ ᠵᠣᠯᠭᠠᠭᠤᠯᠬᠤ ᠨᠤᠷᠮ᠎ᠠ ᠪᠣᠯᠤᠨ ᠠᠮᠵᠢᠯᠲᠠ ᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠲᠤᠯᠤᠭᠠᠶᠢᠯᠠᠭᠴᠢ ᠠᠵᠤ ᠠᠬᠤᠶᠢᠯᠠᠯ᠂ ᠬᠡᠯᠬᠢᠶᠡᠵᠢᠯ ᠤᠨ ᠭᠤᠤᠯ ᠠᠵᠤ ᠠᠬᠤᠶᠢᠯᠠᠯ ᠤᠨ ᠨᠠᠷᠢᠯᠢᠭ ᠤᠨᠤᠪᠴᠢᠲᠠᠢ ᠪᠠᠷ ᠠᠷᠠᠯᠵᠢᠶᠠᠴᠢᠨ ᠤᠷᠢᠬᠤ ᠶᠢ ᠪᠠᠷᠢᠮᠲᠠᠯᠠᠨ᠂ ᠬᠡᠯᠬᠢᠶᠡᠵᠢᠯ ᠢᠶᠠᠷ ᠬᠡᠯᠬᠢᠶᠡᠵᠢᠯ ᠢ ᠴᠢᠩᠭᠠᠳᠬᠠᠬᠤ᠂ ᠬᠡᠯᠬᠢᠶᠡᠵᠢᠯ ᠥᠬᠡᠶ ᠨᠢ ᠬᠡᠯᠬᠢᠶᠡᠵᠢᠯ ᠪᠠᠶᠢᠭᠤᠯᠬᠤ᠂ ᠣᠬᠤᠷ ᠬᠡᠯᠬᠢᠶᠡᠵᠢᠯ ᠲᠠᠢ ᠨᠢ ᠬᠡᠯᠬᠢᠶᠡᠵᠢᠯ  ᠢᠶᠠᠨ ᠤᠷᠲᠤᠳᠬᠠᠬᠤ ᠶᠢ ᠪᠠᠷᠢᠮᠲᠠᠯᠠᠵᠤ᠂ ︽ᠲᠠᠩ ᠭᠠᠭᠴᠠ ᠲᠥᠷᠥᠯ ᠵᠦᠢᠯ᠂ ᠲᠠᠩ ᠭᠠᠭᠴᠠ ᠠᠵᠤ ᠠᠬᠤᠶᠢᠯᠠᠯ︾ ᠢ ᠲᠠᠲᠠᠵᠤ ᠣᠷᠣᠭᠤᠯᠬᠤ ᠠᠴᠠ ︽ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠤ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ︾ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ ᠣᠷᠣᠭᠤᠯᠵᠤ ᠠᠪᠴᠢᠷᠠᠭᠰᠠᠨ ᠪᠠᠯᠠ ᠮᠦᠩᠭᠦᠨ ᠤ ᠨᠡᠮᠡᠭᠳᠡᠯ ᠢ 10% ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃      ᠬᠤᠶᠠᠷ ᠲᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ︽ᠴᠢᠨᠠᠷ ᠰᠠᠶᠢᠲᠠᠢ︾ ᠰᠢᠯᠢᠳᠡᠭ ᠦᠢᠯᠡᠴᠢᠯᠡᠭᠡ ᠬᠠᠩᠭᠠᠵᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠵᠠᠬᠢᠶᠠᠯᠠᠭ᠎ᠠ᠂ ᠵᠠᠬ᠎ᠠ ᠳᠡᠯᠭᠡᠭᠦᠷ ᠡᠷᠢᠬᠦ᠂ ᠪᠠᠯᠠ ᠳᠣᠭᠢᠷᠠᠭᠤᠯᠬᠤ᠂ ᠭᠠᠵᠠᠷ ᠰᠢᠷᠣᠶ᠂ ᠡᠨᠧᠷᠭᠢ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ  ᠥᠢᠯᠠᠭᠠᠨ᠂ ᠵᠦᠷᠢᠴᠡᠯ ᠮᠠᠷᠭᠤᠭᠠᠨ ᠥᠬᠡᠶ ᠲᠠᠩᠰᠠᠨ ᠵᠣᠭᠤᠰ ᠢ ᠬᠥᠳᠡᠯᠦᠩᠭᠦᠶ ᠪᠠᠷ ᠦᠭᠡᠶᠢᠰᠭᠡᠵᠦ᠂ ᠮᠠᠷᠭᠤᠭᠠᠨ ᠲᠠᠢ ᠲᠠᠩᠰᠠᠨ ᠵᠣᠭᠤᠰ ᠢ ᠲᠥᠷᠥᠯ ᠬᠤᠪᠢᠶᠠᠨ ᠰᠶᠢᠳᠪᠦᠷᠢᠯᠡᠬᠦ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠦᠷᠨᠢᠭᠦᠯᠥᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠶᠢ ᠡᠷᠡᠰ ᠴᠡᠭᠴᠡᠯᠡᠨ ᠵᠠᠰᠠᠵᠤ᠂ ᠤᠴᠢᠷ ᠶᠠᠪᠤᠳᠠᠯ ᠪᠠᠶᠢᠪᠠᠯ ᠵᠠᠪᠠᠯ ᠬᠦᠷᠴᠦ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ ᠳᠤ ᠬᠤᠯᠪᠣᠭᠳᠠᠬᠤ  ᠵᠦᠢᠯᠡᠰ ᠢ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠬᠦ ᠪᠠᠷ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠬᠦ ᠶᠢ ᠳᠥᠯᠭᠢᠨ ᠠᠬᠢᠭᠤᠯᠥᠨ᠂ ᠪᠠᠯᠠ ᠣᠷᠣᠭᠤᠯᠤᠭᠴᠢᠳ ᠢ ᠰᠢᠯᠢ ᠶᠢᠨ ᠭᠤᠤᠯ ᠠᠶᠢᠮᠠᠭ ᠲᠤ ᠰᠠᠨᠠᠭ᠎ᠠ ᠠᠮᠤᠷ ᠪᠠᠯᠠ ᠣᠷᠣᠭᠤᠯᠵᠤ᠂ ᠰᠡᠳᠭᠡᠯ ᠠᠮᠤᠷ ᠭᠦᠭᠵᠢᠬᠦᠯᠬᠦ ᠶᠢ ᠪᠠᠳᠣᠯᠠᠨ᠎ᠠ᠃      ᠭᠤᠷᠪᠠ ᠳᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠥᠷᠪᠡᠨ ᠵᠦᠢᠯ ᠤᠨ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠠᠵᠤ ᠦᠢᠯᠡᠰ᠂ ᠰᠤᠷᠭᠠᠨ ᠬᠥᠮᠦᠵᠢᠯ᠂ ᠡᠮᠴᠢᠯᠡᠭᠡ᠂ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠵᠡᠷᠭᠡ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ 1.6 ᠳ᠋ᠦᠩᠰᠢᠭᠤᠷ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠣᠯᠵᠤ᠂ 35 ᠳ᠋ᠦᠩᠰᠢᠭᠤᠷ ᠲᠥᠭᠦᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠨ᠎ᠡ᠃ ᠮᠣᠩᠭᠤᠯ ᠤᠯᠤᠰ ᠯᠤᠭ᠎ᠠ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ  ᠠᠷᠠᠯᠵᠢᠶᠠᠨ ᠤ ᠲᠣᠭᠤᠷᠢᠭ ᠤᠨ ᠡᠳ᠋ᠰᠢᠭᠦᠯᠦᠯᠲᠡ᠂ ᠪᠠᠯᠠ ᠣᠷᠣᠭᠤᠯᠤᠯᠲᠠ᠂ ᠠᠷᠠᠯᠵᠢᠶ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠵᠦ᠂ ᠵᠢᠨᠢᠩ ᠡᠷᠢᠶᠡᠨ ᠱᠤᠭᠤᠮ ᠤᠨ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ᠂ ᠳᠤᠮᠳᠠᠳᠤ ᠮᠣᠩᠭᠤᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠣᠯᠳᠠ ᠶᠢ ᠵᠣᠬᠢᠴᠠᠭᠤᠯᠤᠨ ᠠᠬᠢᠭᠤᠯᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠪᠥᠬᠦ ᠠᠶᠢᠮᠠᠭ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2650 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ 115 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠲᠣᠰ ᠲᠣᠰ 6% ᠪᠠ 10% ᠪᠠᠷ ᠨᠡᠮᠡᠭᠳᠡᠭᠦᠯᠦᠨ᠎ᠡ᠃ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠨᠢᠭᠡ ᠴᠤᠭᠴᠠᠵᠢᠭᠤᠯᠤᠨ ᠬᠥᠭᠵᠢᠭᠦᠯᠬᠦ᠂ ᠪᠣᠭᠤᠮᠲᠠ ᠶᠢᠨ ᠲᠤᠳᠤᠷ᠎ᠠ ᠭᠠᠵᠠᠷ ᠲᠠᠢ ᠬᠤᠯᠪᠣᠭᠠᠯᠠᠨ ᠬᠥᠭᠵᠢᠬᠦ ᠶᠢ ᠭᠦᠨᠵᠡᠭᠡᠶᠢᠷᠡᠭᠦᠯᠦᠨ᠂ ᠵᠡᠭᠦᠨ ᠬᠤᠶᠢᠲᠤ ᠣᠷᠣᠨ ᠤ ᠡᠭᠡ ᠬᠠᠭᠤᠷᠠᠶ ᠪᠠ ᠲᠠᠯᠠᠢ ᠶᠢᠨ ᠰᠢᠨ᠎ᠡ ᠨᠡᠪᠲᠡᠷᠡᠬᠦ ᠵᠠᠮ ᠢ ᠲᠦᠷᠭᠡᠪᠴᠢᠯᠡᠨ ᠨᠡᠪᠲᠡᠷᠡᠭᠦᠯᠵᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠰᠠᠭᠤᠷᠢ ᠲᠥᠬᠦᠭᠡᠷᠦᠮᠵᠢ᠂ ᠰᠣᠶᠣᠯ ᠵᠢᠭᠤᠯᠴᠢᠯᠠᠯ᠂ ᠡᠳ᠋ᠰᠢᠭᠦᠯᠦᠨ ᠪᠣᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭ᠎ᠠ ᠵᠡᠷᠭᠡ ᠬᠦᠷᠢᠶ᠎ᠡ ᠴᠠᠷᠠᠭᠠᠨ ᠳᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠨ᠎ᠠ᠃      ᠲᠦᠷᠪᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠪᠲᠤᠯᠤᠯᠲᠠ ᠶᠢ ᠲᠦᠷᠭᠡᠳᠬᠡᠨ᠎ᠡ᠃ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠭᠤᠷᠪᠠᠨ ᠲᠦᠷᠦᠯ ᠤᠨ ᠲᠦᠷᠢᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠤᠯ ᠠᠵᠢᠯ ᠢᠶᠠᠨ ᠰᠢᠯᠢᠳᠡᠭᠵᠢᠭᠦᠯᠦᠨ᠂ ᠲᠤᠰᠠᠯᠠᠬᠤ ᠠᠵᠤ ᠠᠬᠤᠶ ᠶᠢ ᠰᠠᠯᠭᠠᠵᠦ᠂ ᠪᠣᠳᠠᠲᠤ ᠴᠣᠭᠴᠠ ᠶᠢᠨ ᠡᠵᠡᠩᠨᠡᠯᠲᠡ ᠶᠢ ᠭᠦᠨᠵᠡᠭᠡᠶᠢᠷᠡᠭᠦᠯᠦᠨ᠂ ᠪᠥᠬᠦ ᠠᠶᠢᠮᠠᠭ ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠲᠥᠷᠥᠯ ᠵᠦᠢᠯ ᠳᠤ ᠪᠥᠬᠦ ᠲᠠᠯ᠎ᠠ ᠪᠠᠷ ᠤᠷᠤᠯᠴᠠᠨ᠂ ︽ᠬᠤᠲᠠ ᠶᠢᠨ ᠪᠠᠯᠠ ᠣᠷᠣᠭᠤᠯᠤᠯᠲᠠ︾ ᠶᠢ ︽ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠲᠥᠪ ᠤᠨ ᠠᠵᠤ ᠠᠬᠤᠶᠢᠯᠠᠯ ᠨᠢ ᠣᠷᠣᠨ ᠨᠤᠲᠤᠭ ᠤᠨ ᠠᠵᠤ ᠠᠬᠤᠶᠢᠯᠠᠯ ᠢ ᠬᠠᠪᠰᠤᠷᠬᠤ᠂ ᠲᠤᠮᠤ ᠠᠵᠤ ᠠᠬᠤᠶᠢᠯᠠᠯ ᠨᠢ ᠵᠢᠵᠢᠭ ᠠᠵᠤ ᠠᠬᠤᠶᠢᠯᠠᠯ ᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠪᠡᠯᠡ ᠣᠷᠣᠭᠤᠯᠤᠯᠲᠠ ᠵᠡᠷᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠰᠠᠯᠪᠤᠷᠢ ᠪᠣᠯᠭᠠᠨ ᠦᠭᠡᠷᠡᠴᠢᠯᠡᠬᠦ᠂ ᠬᠤᠯᠢᠮᠠᠭ ᠥᠮᠴᠢᠯᠡᠯ ᠤᠨ ᠳᠦᠷᠢᠮ ᠤᠨ ᠦᠭᠡᠷᠡᠴᠢᠯᠡᠯᠲᠡ ᠬᠢᠬᠦ᠂ ᠬᠤᠯᠪᠣᠭᠠᠲᠤ ᠴᠣᠭᠴᠠ ᠶᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠠᠵᠢᠯ ᠲᠦᠷᠦᠯ ᠤᠨ ᠵᠠᠭᠠᠭ ᠬᠢᠵᠠᠭᠠᠷ ᠢ ᠡᠪᠳᠡᠵᠦ᠂ ᠤᠯᠠᠨ ᠬᠡᠮᠵᠢᠯᠲᠦ᠂ ᠤᠯᠠᠨ ᠴᠢᠭᠯᠡᠯ ᠲᠠᠢ ᠬᠦᠭᠵᠢᠯᠲᠡ ᠶᠢ ᠡᠷᠢᠯᠬᠢᠯᠡᠨ︾᠂ ᠬᠢᠷᠢ ᠬᠡᠮ ᠢᠶᠠᠨ ᠲᠡᠰ ᠳᠡᠪᠰᠢᠭᠦᠯᠬᠦ ᠶᠢ ᠲᠡᠮᠵᠢᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢᠨ ᠬᠠᠮᠲᠤ ᠥᠪᠡᠷ ᠢ ᠪᠠᠨ ᠪᠤᠵᠠᠭᠠᠶᠢᠷᠠᠭᠤᠯᠤᠨ᠎ᠠ᠃      ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠴᠦᠲᠡᠶ ᠲᠦᠯᠬᠢᠨ ᠠᠬᠢᠭᠤᠯᠤᠨ᠎ᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠵᠠᠶᠢᠯᠠᠰᠢ ᠦᠭᠡᠶ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠦᠷᠢᠵᠢᠭᠤᠯᠵᠦ᠂ ︽ᠰᠢᠯᠢᠳᠡᠭ ᠢᠶᠠᠷ ᠳᠠᠭᠠᠭᠤᠯᠤᠭᠴᠢ ᠪᠤᠯᠭᠠᠬᠤ︾᠂ ︽ᠦᠷᠢᠰᠣᠯᠳᠣᠭᠡᠨ ᠤ ᠲᠤᠭᠲᠠᠴᠠ︾ ᠵᠡᠷᠭᠡ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠤᠯᠲᠠ ᠶᠢᠨ ᠲᠣᠭᠲᠠᠴᠠ ᠪᠠᠷ ᠳᠠᠮᠵᠢᠭᠤᠯᠤᠨ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠭᠦᠢᠬᠡᠨ ᠠᠭᠠᠷ ᠤᠨ ᠠᠵᠤ ᠠᠬᠤᠢ ᠵᠡᠷᠭᠡ ᠬᠦᠷᠢᠶ᠎ᠠ ᠴᠠᠷᠠᠭᠠᠨ ᠳᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠤᠷᠢᠳᠴᠢᠯᠠᠨ ᠪᠠᠶᠢᠷᠢᠰᠢᠭᠤᠯᠵᠤ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ᠂ ᠦᠷ᠎ᠡ ᠪᠦᠲᠦᠭᠡᠯ ᠤᠨ ᠬᠡᠷᠡᠭᠯᠡᠭᠡᠨ ᠤ ᠰᠢᠪᠲᠤᠯᠤᠯᠲᠠ ᠶᠢ ᠪᠡᠶᠡᠯᠡᠭᠦᠯᠵᠦ᠂ ᠠᠳᠤᠭᠤᠨ ᠤ ᠠᠵᠤ ᠦᠢᠯᠡᠰ᠂ ᠬᠡᠳᠦ ᠬᠠᠲᠠᠭᠤ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠴᠢᠬᠤᠯᠠ ᠶᠡᠭᠡ ᠲᠠᠪᠴᠠᠩ ᠢ ᠪᠤᠶᠢᠵᠢᠭᠤᠯᠬᠤ ᠳᠤ ᠦᠷᠭᠦᠯᠵᠢᠯᠡᠨ ᠬᠦᠴᠦ ᠣᠷᠣᠭᠤᠯᠵᠤ᠂ ᠴᠢᠳᠠᠪᠤᠷᠢᠲᠠᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶᠡᠨ ᠤ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠱᠠᠲᠤᠴᠢᠯᠠᠨ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 10 ᠡᠷᠦᠬᠡ᠂ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ 3 ᠡᠷᠦᠬᠡ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ 1 ᠡᠷᠦᠬᠡ ᠰᠢᠨ᠎ᠡ ᠪᠠᠷ ᠨᠡᠮᠡᠭᠳᠡᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 105᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 65 ᠶᠢ ᠦᠨᠡᠯᠡᠨ ᠬᠦᠮᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ 100 ᠶᠢ ᠳᠡᠩᠰᠡᠯᠡᠵᠦ᠂ ᠮᠡᠷᠭᠡᠵᠢᠯ ᠤᠨ ᠭᠡᠷ᠎ᠡ ᠲᠤᠭᠲᠠᠭᠰᠠᠨ ᠨᠤᠷᠮ᠎ᠠ ᠶᠢ 2.5 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃      ︵ᠲᠠᠪᠤ︶ ᠬᠤᠲᠠ ᠬᠥᠳᠡᠭᠡ ᠶᠢ ᠠᠭᠤᠰᠤᠯᠴᠠᠭᠤᠯᠤᠨ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠣᠷᠣᠰᠢᠨ ᠰᠠᠭᠤᠬᠤ ᠳᠤ ᠲᠠᠭᠠᠯᠠᠮᠵᠢᠲᠠᠢ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠶ ᠰᠢᠨ᠎ᠡ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃      ᠨᠢᠭᠡ ᠳᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠬᠠᠮᠵᠢᠯᠴᠠᠨ ᠠᠬᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠲᠠᠢ ᠤᠶᠠᠯᠳᠤᠭᠤᠯᠤᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠲᠣᠤᠷ ᠬᠤᠭᠤᠯᠠᠶ ᠶᠢ ᠰᠢᠨᠡᠳᠬᠡᠬᠦ  ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡ ᠪᠦᠯᠦᠭ ᠬᠤᠲᠠ ᠪᠠᠯᠭᠠᠰᠤᠨ ᠤ ᠳᠤᠯᠠᠭᠠᠯᠠᠭ᠎ᠠ᠂ ᠬᠤᠲᠠ ᠶᠢᠨ ᠤᠰᠤ ᠴᠡᠪᠡᠷᠰᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ ᠵᠡᠷᠭᠡ ᠲᠥᠷᠥᠯ ᠵᠦᠢᠯ ᠢ ᠲᠦᠯᠦᠪᠵᠢᠭᠦᠯᠦᠨ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ 89 ᠺᠢᠯᠣᠮᠧᠲᠷ ᠭᠠᠵᠠᠷ ᠳᠣᠤᠷᠠᠬᠢ ᠲᠣᠤᠷ ᠬᠤᠭᠤᠯᠠᠶ ᠶᠢ ᠰᠢᠨ᠎ᠡ ᠪᠠᠷ ᠥᠭᠡᠷᠡᠴᠢᠯᠡᠨ᠂ 55 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠨ᠎ᠡ᠃ 28 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 120 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠣᠷᠣᠯᠠᠭᠤᠯᠤᠨ᠂ ︽ᠪᠠᠲᠤᠯᠠᠨ ᠲᠤᠰᠢᠶᠠᠬᠤ ᠠᠰᠠᠷ︾ ᠤᠨ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠥᠯᠥ ᠬᠥᠳᠡᠯᠬᠦ ᠬᠥᠷᠥᠩᠭᠡ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ︽ᠬᠥᠳᠡᠯᠦᠩᠭᠦᠶ ᠪᠠᠷ ᠦᠭᠡᠶᠢᠰᠬᠡᠬᠦ︾ ᠠᠵᠢᠯ ᠢ ᠦᠷᠭᠦᠯᠵᠢᠯᠡᠨ ᠰᠠᠶᠢᠲᠤᠷ ᠬᠢᠬᠦ ᠪᠠᠷ ᠲᠥᠯᠥᠪᠯᠡᠵᠦ ᠪᠣᠶ᠃ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ 83 ᠲᠥᠷᠥᠯ ᠵᠦᠢᠯ ᠢ ᠨᠢᠭᠡᠳᠦᠯᠲᠡᠶ ᠲᠦᠯᠦᠪᠵᠢᠭᠦᠯᠦᠨ ᠬᠡᠷᠡᠭᠵᠢᠭᠦᠯᠦᠨ᠂ 284 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 2854 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠥᠨ᠂ 495 ᠮᠠᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠪᠠᠷ ᠴᠢᠷᠮᠠᠶᠢᠵᠤ᠂ 4347 ᠮᠠᠯᠴᠢᠨ ᠡᠷᠦᠬᠡ ᠳᠤ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠲᠠᠰ ᠳᠡᠪᠰᠢᠭᠦᠯᠦᠨ᠂ 566 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ᠎ᠠ᠃      ᠬᠤᠶᠠᠷ ᠲᠤ ︽ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ︾ ᠪᠠ ︽ᠤᠯᠠᠮᠵᠢᠯᠠᠯᠲᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ︾ ᠶᠢ ᠬᠠᠮᠵᠢᠯᠴᠠᠨ ᠠᠬᠢᠭᠤᠯᠤᠨ᠎ᠠ᠃ 5G ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠨᠡᠮᠡᠭᠳᠡᠭᠦᠯᠵᠦ᠂ ᠨᠢᠭᠡ ᠪᠦᠯᠦᠭ ᠤᠶᠤᠨᠲᠤ ᠦᠢᠯᠡᠳᠪᠦᠷᠢ᠂  ᠲᠤᠭᠠᠴᠢᠯᠠᠭᠰᠠᠨ ᠦᠢᠯᠡᠳᠪᠦᠷᠢ ᠶᠢᠨ ᠲᠠᠰᠤᠭ ᠪᠠᠶᠢᠭᠤᠯᠤᠨ᠂ 5G ᠶᠢᠨ ᠰᠠᠭᠤᠷᠢ ᠦᠷᠳᠡᠭᠡ ᠶᠢ 500 ᠠᠴᠠ ᠳᠡᠭᠡᠭᠰᠢ ᠰᠢᠨ᠎ᠡ ᠪᠠᠷ ᠥᠭᠡᠷᠡᠴᠢᠯᠡᠨ ᠪᠠᠶᠢᠭᠤᠯᠵᠦ᠂ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ 23 ᠲᠦᠷᠦᠯ ᠵᠦᠢᠯ ᠢ ᠬᠡᠷᠡᠭᠵᠢᠭᠦᠯᠦᠨ᠂ 130 ᠠᠵᠤ ᠠᠬᠤᠶᠢᠯᠠᠯ ᠤᠨ ︽ᠡᠭᠦᠯᠡᠨ ᠲᠠᠪᠴᠠᠩ ᠳᠤ ᠭᠠᠷᠬᠤ︾ ᠶᠢ ᠬᠡᠷᠡᠭᠵᠢᠭᠦᠯᠦᠨ᠎ᠡ᠃ ᠨᠡᠭᠦᠷᠡᠰᠦᠨ ᠠᠭᠤᠷᠬᠠᠶ ᠶᠢᠨ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠵᠠᠳᠠᠭᠠᠶ ᠨᠡᠭᠦᠷᠡᠰᠦᠨ ᠠᠭᠤᠷᠬᠠᠶ ᠶᠢᠨ ᠠᠦ᠋ᠲ᠋ᠣᠴᠢᠯᠠᠭᠰᠠᠨ ᠠᠴᠢᠶᠠᠨ ᠤ ᠮᠠᠰᠢᠨ ᠢ 180 ᠠᠴᠠ ᠳᠡᠭᠡᠭᠰᠢ ᠳᠤ ᠬᠦᠷᠭᠡᠵᠦ᠂ ᠨᠡᠭᠦᠷᠡᠰᠦᠨ ᠠᠭᠤᠷᠬᠠᠶ ᠶᠢᠨ ᠬᠤᠳᠳᠤᠭ ᠮᠠᠯᠲᠠᠬᠤ ᠳᠤ ᠨᠠᠭᠠᠳᠤ ᠵᠠᠬ᠎ᠠ ᠶᠢᠨ ᠤᠶᠤᠨᠴᠢᠯᠠᠯᠳᠠ ᠶᠢ ᠪᠡᠶᠡᠯᠡᠭᠦᠯᠦᠨ᠂ ᠠᠭᠤᠷᠬᠠᠶ ᠶᠢᠨ ᠬᠤᠳᠳᠤᠭ ᠤᠨ ᠳᠣᠲᠣᠷᠠᠬᠢ ᠠᠵᠢᠯᠴᠢᠨ ᠢ ᠲᠠᠬᠢᠭᠠᠳ 10% ᠠᠴᠠ ᠳᠡᠭᠡᠭᠰᠢ ᠪᠠᠭᠠᠰᠬᠠᠨ᠎ᠠ᠃ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠬᠤᠷᠳᠤᠴᠠᠳᠦ ᠵᠠᠰᠠᠮᠠᠯ ᠵᠠᠮ ᠪᠠ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠢ ᠪᠦᠬᠦᠨ ᠢ ᠬᠠᠮᠤᠷᠤᠨ᠎ᠠ᠃ ᠵᠠᠮ ᠬᠠᠷᠢᠯᠴᠠᠭᠠᠨ ᠤ ᠬᠦᠷᠢᠶ᠎ᠠ ᠴᠠᠷᠠᠭᠠᠨ ᠳᠤ 28.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2 ᠵᠤᠷᠪᠤᠰ ᠭᠤᠤᠯᠳᠠᠯᠭ᠎ᠠ ᠲᠠᠢ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠨ᠂ 4 ᠵᠤᠷᠪᠤᠰ ᠵᠠᠰᠠᠮᠠᠯ ᠵᠠᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ︔ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠥᠪᠥᠷ ᠮᠣᠩᠭᠤᠯ ᠳᠠᠬᠢ ᠬᠡᠰᠡᠭ ᠤᠨ ᠵᠠᠮ ᠨᠡᠪᠲᠡᠷᠡᠬᠦ ᠨᠥᠬᠦᠴᠡᠯ ᠪᠦᠷᠢᠳᠦᠭᠦᠯᠬᠦ ᠶᠢ ᠪᠠᠲᠤᠯᠠᠵᠤ᠂ ᠵᠢᠯ ᠤᠨ ᠳᠣᠲᠣᠷ᠎ᠠ ︽ᠰᠠᠭᠠᠳ ᠦᠭᠡᠢ ᠬᠥᠬᠡᠬᠤᠲᠠ ᠳᠤ ᠤᠷᠤᠬᠤ︾ ᠶᠢ ᠪᠡᠶᠡᠯᠡᠭᠦᠯᠦᠨ᠎ᠡ︔ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠬᠦ ᠶᠢ ᠦᠨᠡᠨᠬᠦ ᠪᠠᠲᠤᠯᠠᠵᠤ᠂ ᠲᠤᠯᠤᠨ ᠨᠤᠤᠷ᠂ ᠤᠯᠠᠭᠠᠶ ᠵᠡᠷᠭᠡ 4 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠂ ᠪᠥᠬᠦ ᠠᠶᠢᠮᠠᠭ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠠᠶᠠᠯᠠᠬᠤ ᠬᠡᠮᠵᠢᠶ᠎ᠡ ᠶᠢ 145 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠠᠶᠢᠯᠭᠠᠨ᠎ᠠ᠃      ᠭᠤᠷᠪᠠ ᠳᠤ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠬᠦ ᠪᠠ ᠠᠵᠤ ᠦᠢᠯᠡᠰ ᠤᠨ ᠲᠦᠪᠯᠡᠷᠡᠯ ᠢ ᠬᠠᠮᠵᠢᠯᠴᠠᠨ ᠠᠬᠢᠭᠤᠯᠤᠨ᠎ᠠ᠃  ︽ᠣᠷᠣᠨ ᠪᠦᠰᠡ ᠶᠢ ᠤᠷᠢᠳᠠᠪᠠᠷ ᠦᠨᠡᠯᠡᠨ ᠵᠢᠱᠢᠬᠦ᠂ ᠪᠠᠷᠢᠮᠵᠢᠶᠠᠲᠤ ᠭᠠᠵᠠᠷ ᠢ ᠰᠤᠷᠲᠠᠯᠴᠢᠯᠠᠨ ᠲᠠᠨᠢᠭᠤᠯᠬᠤ᠂ ᠪᠠᠷᠢᠮᠵᠢᠶᠠᠲᠤ ᠦᠢᠯᠡᠳᠪᠦᠷᠢ ᠶᠢ ᠰᠠᠶᠢᠲᠤᠷ ᠪᠠᠶᠢᠭᠤᠯᠬᠤ᠂ ᠭᠡᠷ᠎ᠡ ᠲᠣᠭᠲᠠᠪᠠᠯ ᠳᠠᠷᠤᠶ ᠠᠵᠢᠯ ᠡᠬᠢᠯᠡᠭᠦᠯᠬᠦ︾ ᠵᠡᠷᠭᠡ ᠲᠡᠷᠢᠭᠦᠨ ᠤ ᠠᠷᠭ᠎ᠠ ᠬᠢᠳᠡᠯ ᠢ ᠶᠡᠬᠡᠪᠡᠷ ᠳᠡᠯᠭᠡᠷᠡᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ 45 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ 7.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠪᠠᠶᠠᠨᠬᠤᠸᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠲᠣᠭᠲᠠᠭᠠᠬᠤ ᠶᠢ ᠠᠬᠢᠭᠤᠯᠵᠤ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ᠂ ᠬᠦᠪᠡᠭᠡᠲᠦ ᠰᠢᠷ᠎ᠠ ᠬᠤᠰᠢᠭᠤ ᠶᠢ ᠵᠢᠯᠣᠭᠤᠳᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ  ᠪᠠᠶᠢᠭᠤᠯᠤᠨ᠂ ᠳᠠᠪᠠᠭᠤᠯᠢᠭ ᠠᠵᠤ ᠦᠢᠯᠡᠰ᠂ ᠭᠤᠤᠯᠳᠠᠯᠭ᠎ᠠ ᠲᠠᠢ ᠲᠥᠷᠥᠯ ᠵᠦᠢᠯ ᠢ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ ᠬᠥᠭᠵᠢᠭᠦᠯᠦᠨ᠎ᠡ᠃      ︵ᠵᠢᠷᠭᠤᠭ᠎ᠠ︶ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠂ ᠣᠯᠠᠨ ᠲᠦᠮᠡᠨ ᠤ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠦᠴᠦᠯᠡᠨ ᠬᠠᠩᠭᠠᠨ᠎ᠠ᠃      ᠨᠢᠭᠡ ᠳᠤ ᠠᠵᠢᠯ ᠣᠯᠭᠤᠯᠲᠠ ᠶᠢ ᠬᠦᠴᠦᠯᠡᠨ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ ᠦᠨᠳᠦᠰᠦᠨ ᠱᠠᠳᠤ ᠪᠠ ᠳᠤᠮᠳᠠ ᠵᠢᠵᠢᠭ ᠠᠵᠤ ᠠᠬᠤᠶᠢᠯᠠᠯ ᠳᠤ ᠠᠵᠢᠯ ᠤᠯᠭᠤᠬᠤ ᠶᠢ ᠳᠡᠮᠵᠢᠬᠦ ᠲᠥᠯᠥᠪᠯᠡᠭᠡ ᠬᠡᠷᠡᠭᠵᠢᠭᠦᠯᠦᠨ᠂ ᠬᠤᠳᠠ ᠪᠠᠯᠭᠠᠰᠤᠨ ᠤ 7800 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 7.15 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠳᠠᠬᠢᠨ ᠠᠵᠢᠯ ᠤᠯᠭᠤᠨ᠂ 3500 ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠵᠠᠰᠠᠭ ᠤᠨ ᠣᠷᠳᠣᠨ ᠤ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 8000 ᠬᠥᠮᠦᠨ ᠤᠳᠠᠭ᠎ᠠ ᠠᠴᠠ ᠳᠡᠭᠡᠭᠰᠢ ᠬᠢᠵᠦ ᠰᠤᠷᠭᠠᠭᠤᠯᠢ ᠪᠠᠨ ᠲᠡᠭᠦᠰᠦᠭᠡᠳ ᠠᠵᠢᠯ ᠤᠯᠤᠭᠠᠳᠤᠢ  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠨᠤᠷᠮ᠎ᠠ ᠶᠢ 90% ᠠᠴᠠ ᠳᠡᠭᠡᠭᠰᠢ ᠳᠤ ᠬᠦᠷᠭᠡᠬᠦ ᠶᠢ ᠦᠨᠡᠨᠬᠦ ᠪᠠᠲᠤᠯᠠᠨ᠎ᠠ᠃ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠪᠠ ᠨᠡᠶᠢᠭᠡᠮ ᠲᠣᠭᠤᠷᠢᠭ ᠤᠨ ᠵᠢᠵᠢᠭ ᠦᠢᠯᠡᠳᠪᠦᠷᠢ᠂ ᠤᠨᠴᠠᠯᠢᠬᠳᠤ ᠵᠢᠵᠢᠭ ᠦᠢᠯᠡᠳᠬᠡᠯ᠂ ᠬᠥᠳᠡᠭᠡ ᠲᠣᠰᠬᠤᠨ ᠤ ᠠᠵᠤ ᠦᠢᠯᠡᠰ ᠤᠨ ᠬᠦᠷᠢᠶᠡᠯᠡᠩ ᠵᠡᠷᠭᠡ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠤᠯᠠᠨ ᠲᠦᠮᠡᠨ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠭᠡᠷ ᠤᠨ ᠡᠭᠦᠳᠡᠨ ᠳᠤᠨᠢ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ ᠲᠣᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠲᠥᠷᠥᠯ ᠵᠦᠢᠯ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠣᠷᠣᠯᠭ᠎ᠠ ᠶᠢ ᠨᠢ ᠤᠯᠠᠮ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠵᠦ ᠪᠠᠶᠢᠭ᠎ᠠ ᠴᠠᠯᠢᠩ ᠢ ᠲᠤᠰᠬᠠᠶᠢᠯᠠᠨ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠬᠥᠮᠦᠨ ᠨᠢᠭᠡᠪᠦᠷᠢ ᠴᠥᠮ ᠴᠠᠯᠢᠩ ᠢᠶᠠᠨ ᠴᠠᠭ ᠬᠤᠭᠤᠴᠠᠭ᠎ᠠ ᠶᠤᠰᠤᠭᠠᠷ ᠭᠦᠢᠴᠡᠳ ᠲᠤᠭ᠎ᠠ ᠪᠠᠷ ᠣᠯᠵᠤ ᠳᠡᠶᠢᠯᠬᠦ ᠶᠢ ᠦᠨᠡᠨᠬᠦ ᠪᠠᠲᠤᠯᠠᠨ᠎ᠠ᠃      ᠬᠤᠶᠠᠷ ᠲᠤ ᠤᠯᠠᠨ ᠨᠡᠶᠢᠲᠡ ᠶᠢᠨ ᠦᠢᠯᠡᠴᠢᠯᠡᠭᠡ ᠶᠢ ᠬᠦᠴᠦᠯᠡᠨ ᠴᠢᠩᠭᠠᠳᠬᠠᠨ᠎ᠠ᠃ ᠰᠤᠷᠭᠠᠨ ᠬᠥᠮᠦᠵᠢᠯ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠶᠢ ᠲᠡᠷᠢᠭᠦᠨ ᠢᠨᠵᠧᠨᠧᠷᠢᠩ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠡᠷᠡᠰ ᠭᠤᠶᠢᠪᠢᠰᠢ ᠥᠬᠡᠶ ᠬᠡᠷᠡᠭᠵᠢᠭᠦᠯᠦᠨ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠷ ᠳᠤᠮᠳᠠ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠠᠢ ᠰᠢᠯᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠭᠤᠤᠯᠯᠠᠭᠴᠢ ᠪᠠᠭᠰᠢ ᠶᠢ ᠶᠡᠬᠡᠪᠡᠷ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ 5 ᠬᠡᠤᠬᠡᠳ ᠤᠨ ᠴᠡᠴᠡᠷᠯᠢᠭ᠂ ᠬᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠭᠤᠷᠢ ᠠᠨᠠᠢ ᠰᠤᠷᠭᠠᠭᠤᠯᠢ ᠶᠢ ᠦᠭᠡᠷᠡᠴᠢᠯᠡᠬᠦ 16 ᠲᠥᠷᠥᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠠᠴᠠ ᠳᠡᠭᠡᠭᠰᠢᠬᠢ ᠪᠠᠭᠰᠢ ᠶᠢᠨ ᠪᠤᠯᠪᠠᠰᠤᠷᠠᠯ ᠢ5000 ᠬᠥᠮᠦᠨ ᠤᠳᠠᠭ᠎ᠠ ᠠᠴᠠ ᠳᠡᠭᠡᠭᠰᠢ ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ ᠭᠤᠤᠯᠯᠠᠭᠴᠢ ᠡᠮᠴᠢ ᠶᠢ ᠳᠠᠪᠲᠠᠨ ᠪᠤᠯᠪᠠᠰᠤᠷᠠᠭᠤᠯᠬᠤ᠂ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢᠨ ᠰᠤᠷᠭᠠᠨ ᠬᠦᠮᠦᠵᠢᠯ ᠢ ᠳᠠᠶᠢᠴᠢᠯᠠᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠭᠤᠤᠯ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠡᠮᠴᠢᠯᠡᠭᠡᠨ ᠤ ᠭᠤᠤᠯᠳᠠᠯᠭ᠎ᠠ ᠲᠠᠢ 5 ᠲᠤᠰᠬᠠᠶ ᠰᠠᠯᠠᠭ᠎ᠠ ᠶᠢ ᠴᠢᠷᠮᠠᠶᠢᠨ ᠪᠤᠶᠢᠵᠢᠭᠤᠯᠤᠨ᠂ 5 ᠬᠤᠰᠢᠭᠤ ᠰᠢᠶᠠᠨ ᠤ ᠬᠢᠲᠠᠳ ︵ᠮᠣᠩᠭᠤᠯ︶ ᠤᠨ ᠡᠮᠨᠡᠯᠭᠡ ᠶᠢᠨ ᠬᠤᠷᠢᠶ᠎ᠠ ᠶᠢ ᠤᠯᠤᠰ ᠤᠨ ︽ᠬᠤᠶᠠᠷ ᠲᠤᠰᠬᠠᠶ ᠰᠠᠯᠠᠭ᠎ᠠ ᠨᠢᠭᠡ ᠲᠥᠪ︾ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠬᠤ ᠶᠢ ᠠᠬᠢᠭᠤᠯᠤᠨ᠎ᠠ᠃ ︽ᠨᠠᠰᠤᠲᠠᠨ ᠨᠢᠯᠬᠠᠰ︾ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ 26 ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ᠂ 68 ᠬᠦᠳᠡᠭᠡ ᠲᠣᠰᠬᠤᠨ ᠤ ᠲᠠᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠥᠭᠡᠷᠡᠴᠢᠯᠡᠨ  ᠪᠠᠷᠢᠵᠦ᠂ ᠠᠶᠢᠮᠠᠭ ᠤᠨ ᠲᠠᠰ ᠤᠨ ᠬᠡᠤᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ 1᠂ ᠨᠡᠶᠢᠭᠡᠮ ᠲᠣᠭᠤᠷᠢᠭ ᠤᠨ ᠬᠡᠤᠬᠡᠳ ᠰᠠᠭᠠᠳᠠᠭᠤᠯᠣᠨ ᠬᠥᠮᠦᠵᠢᠭᠦᠯᠬᠦ ᠲᠤᠷᠰᠢᠯᠲᠠ ᠶᠢᠨ ᠪᠠᠶᠢᠭᠤᠯᠤᠮᠵᠢ 3 ᠶᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1000 ᠤᠳᠠᠭ᠎ᠠ ᠠᠴᠠ ᠳᠡᠭᠡᠭᠰᠢ ᠥᠷᠨᠢᠭᠦᠯᠵᠦ᠂ ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠦᠷᠨᠢᠭᠦᠯᠦᠨ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ  ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠠ᠃      ᠭᠤᠷᠪᠠ ᠳᠤ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠬᠦᠴᠦᠯᠡᠨ ᠪᠠᠲᠤ ᠰᠠᠬᠢᠨ᠎ᠠ᠃ ᠣᠷᠣᠯᠭ᠎ᠠ ᠪᠠᠭᠠᠲᠠᠶ ᠬᠥᠮᠦᠨ ᠠᠮᠠ ᠶᠢ ᠳᠡᠰ ᠲᠠᠪᠬᠤᠷᠭ᠎ᠠ ᠲᠦᠷᠦᠯ ᠬᠤᠪᠢᠶᠠᠨ ᠪᠠᠶᠢᠩᠭᠤᠵᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠦᠨ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ 1.3 ᠲᠦᠮᠡᠨ ᠬᠥᠮᠦᠨ ᠢ ᠰᠢᠨ᠎ᠡ ᠪᠠᠷ ᠨᠡᠮᠡᠭᠳᠡᠭᠦᠯᠦᠨ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 95% ᠠᠴᠠ ᠳᠡᠭᠡᠭᠰᠢ ᠳᠤ ᠲᠤᠭᠲᠠᠪᠦᠷᠢᠵᠢᠭᠤᠯᠤᠨ᠎ᠠ᠃ ︽ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ ᠶᠢᠨ ᠣᠨ︾ ᠢᠶᠠᠷ ᠭᠠᠷᠳᠠᠴᠠ ᠪᠤᠯᠭᠠᠨ᠂ ᠳᠠᠭᠠᠳᠬᠠᠯ ᠮᠡᠬᠡᠯᠡᠬᠦ ᠵᠡᠷᠭᠡ ᠦᠢᠯᠡ ᠠᠵᠢᠯᠯᠠᠭᠠᠨ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠬᠠᠤ ᠵᠣᠭᠤᠰ︾ ᠢ ᠰᠠᠶᠢᠲᠤᠷ  ᠬᠠᠮᠠᠭᠠᠯᠠᠨ᠎ᠠ᠃      ᠲᠦᠷᠪᠡ ᠳᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ᠎ᠡ᠃  ᠠᠶᠣᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠰᠢᠲᠠᠮᠠᠬᠠᠶ ᠬᠡᠶ᠂ ᠵᠠᠮ ᠬᠠᠷᠢᠯᠴᠠᠭ᠎ᠠ᠂ ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢᠨ ᠳᠠᠯᠳᠠ ᠭᠡᠮ ᠢ ᠣᠨᠣᠪᠴᠢᠲᠠᠢ ᠵᠠᠰᠠᠵᠤ᠂  ᠠᠶᠣᠯᠭᠦᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂  ︽ᠵᠥᠷᠢᠴᠡᠯ ᠲᠦᠭᠰᠢᠭᠦᠷᠢ ᠶᠢ ᠨᠠᠮᠳᠠᠭᠤᠯᠵᠦ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ︽ᠠᠶᠤᠯᠭᠦᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ︾ ᠭᠡᠬᠦ ᠬᠤᠶᠠᠷ ᠲᠤᠰᠬᠠᠶ ᠲᠦᠷᠦᠯ ᠢᠶᠠᠷ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠢᠭᠡᠳᠦᠯᠲᠡᠶ ᠲᠦᠯᠦᠪᠵᠢᠭᠦᠯᠦᠨ ᠰᠠᠶᠢᠲᠤᠷ ᠠᠳᠬᠤᠨ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠤᠨ ᠵᠠᠰᠠᠯᠲᠠ ᠶᠢ ᠴᠢᠩᠭᠠᠳᠬᠠᠨ᠂ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠥᠷᠭᠡᠨ ᠣᠯᠠᠨ ᠲᠦᠮᠡᠨ ᠢ ᠠᠮᠤᠷ ᠲᠠᠶᠢᠪᠤᠩ ᠠᠵᠤ ᠲᠥᠷᠥᠭᠦᠯᠦᠨ᠎ᠡ᠃      ᠲᠡᠷᠢᠭᠦᠯᠡᠭᠴᠢ ᠨᠡᠷ᠂ ᠭᠡᠰᠢᠭᠦᠳ ᠡ︕ ᠬᠦᠨᠳᠦ ᠡᠭᠦᠷᠭᠡ ᠶᠢ ᠡᠭᠦᠷᠭᠡᠯᠡᠬᠦ ᠳᠤ ᠰᠢᠷᠭᠠᠭᠤ ᠲᠡᠮᠡᠴᠡᠬᠦ ᠴᠢᠬᠤᠯᠠᠲᠠᠢ ᠶᠤᠮ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠠᠷᠠᠯᠲᠠ ᠪᠠᠨ ᠲᠣᠭᠳᠠᠭᠠᠨ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠯᠢ ᠶᠢᠨ ᠭᠤᠤᠯ ᠠᠶᠢᠮᠠᠭ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠵᠡᠭᠡᠶ᠎ᠡ  ︕
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号