ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠴᠢᠬᠤᠯᠠ ᠴᠢᠨᠠᠷ | ︵ᠨᠢᠭᠡ︶ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠬᠡᠷᠡᠭᠵᠢᠭᠦᠯᠵᠦ᠂ ᠪᠣᠬᠢᠷ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠴᠡᠭᠡ᠃ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2023︺ 16 ᠳ᠋ᠤᠭᠠᠷ | ᠲᠣᠭᠠᠲᠤ︶ ᠳᠤ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠥᠬᠡ | ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ | ᠬᠡᠷᠡᠭᠲᠡᠶ ᠭᠡᠵᠦ ᠳᠤᠷᠠᠳᠪᠠ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠣᠯ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠴᠢᠬᠤᠯᠠ ᠠᠭᠤᠯᠭ᠎ᠠ ᠮᠥᠨ᠂ ︽ᠠᠷᠭ᠎ᠠ︾ ᠶᠢ ᠲᠣᠭᠲᠠᠭᠠᠭᠰᠠᠨ ᠨᠢ | ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠬᠤᠷᠢᠶᠠᠨ ᠴᠤᠭᠯᠠᠭᠤᠯᠵᠤ | ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠪᠣᠬᠢᠷ ᠤᠰᠤ ᠶᠢ ᠠᠮᠤᠷ ᠲᠦᠪᠰᠢᠨ | ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠴᠢᠳᠠᠨ᠎ᠠ᠃ | ︵ᠬᠤᠶᠠᠷ︶ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠬᠤᠲᠠ ᠪᠠᠯᠭᠠᠰᠤᠨ ᠤ | ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ᠃ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠣᠯ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠪᠠ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠪᠦᠷᠢᠯᠳᠦᠬᠦᠨ ᠬᠡᠰᠡᠭ ᠪᠠᠶᠢᠵᠤ᠂ ᠬᠤᠲᠠ ᠪᠠᠯᠭᠠᠰᠤᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ︽ᠠᠷᠭ᠎ᠠ︾ ᠶᠢ ᠨᠡᠶᠢᠲᠡᠯᠡᠭᠰᠡᠨ ᠨᠢ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠲᠥᠯᠥᠪᠵᠢᠭᠦᠯᠭᠡ᠂ ᠪᠥᠲᠥᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠬᠠᠭᠤᠴᠢᠨ ᠪᠡᠯᠡᠳᠬᠡᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠰᠢᠰᠲ᠋ᠧᠮᠲᠦ ᠴᠢᠨᠠᠷ ᠢ ᠴᠢᠩᠭᠠᠷᠠᠭᠤᠯᠤᠨ᠂ ᠤᠰᠤᠳᠤᠯ ᠢ ᠰᠡᠷᠭᠡᠶᠢᠯᠡᠨ ᠵᠠᠰᠠᠬᠤ ᠪᠠ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠴᠢᠳᠠᠨ᠎ᠠ᠃ | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠵᠦ ᠪᠣᠬᠢᠷᠲᠤᠯ ᠢ | ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠠᠬᠢᠭᠤᠯᠵᠤ᠂ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ | ᠬᠡᠷᠡᠭᠴᠡᠭᠡ᠃ ᠣᠳᠣᠬᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠨᠢ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠴᠢᠭᠯᠡᠯ ᠪᠣᠯᠭᠠᠭᠰᠠᠨ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ ᠶᠢ | ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠲᠣᠭᠠᠨ ᠤ | ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠪᠠ᠃ ᠪᠣᠬᠢᠷ ᠤᠰᠤ | ᠰᠢᠢᠳᠪᠦᠷᠢᠯᠡᠬᠦ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ | ᠬᠢᠬᠦ ᠶᠢᠨ ᠴᠢᠬᠤᠯᠠ ᠭᠠᠷᠳᠠᠴᠠ ᠪᠣᠯᠬᠤ ᠮᠥᠷᠲᠡᠭᠡᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠶᠢ ᠠᠬᠢᠭᠤᠯᠬᠤ ᠶᠢᠨ ᠴᠢᠬᠤᠯᠠ ᠬᠦᠷᠢᠶ᠎ᠡ ᠪᠣᠯᠤᠨ᠎ᠠ᠃ ︽ᠠᠷᠭ᠎ᠠ︾ ᠶᠢ ᠲᠣᠭᠲᠠᠭᠠᠭᠰᠠᠨ ᠨᠢ | ᠭᠤᠤᠯᠳᠠᠯᠭ᠎ᠠ ᠲᠠᠢ ᠪᠠᠷ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠡᠨᠧᠷᠭᠢ ᠠᠷᠪᠢᠯᠠᠬᠤ ᠲᠥᠬᠦᠭᠡᠷᠦᠮᠵᠢ ᠪᠣᠯᠭᠠᠨ ᠥᠭᠡᠷᠡᠴᠢᠯᠡᠨ | ᠰᠢᠨᠡᠳᠬᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠣᠬᠢᠷ ᠰᠢᠪᠠᠷ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠴᠢᠩᠭᠠᠳᠬᠠᠵᠤ ᠴᠢᠳᠠᠨ᠎ᠠ᠃ | ᠬᠤᠶᠠᠷ᠂ ᠭᠤᠣᠯ ᠠᠭᠤᠯᠭ᠎ᠠ | ︽ᠠᠷᠭ᠎ᠠ︾ ᠳᠤ ᠨᠡᠶᠢᠲᠡ 39 ᠵᠦᠢᠯ ᠪᠠᠶᠢᠨ᠎ᠠ᠃ ᠭᠤᠣᠯ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠲᠤᠬᠢᠷᠠᠬᠤ ᠬᠡᠪᠴᠢᠶ᠎ᠡ ᠬᠢᠭᠡᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ︽ᠠᠷᠭ᠎ᠠ︾ ᠳᠤ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠠᠵᠢᠯ ᠤᠨ ᠡᠭᠦᠷᠭᠡ ᠬᠠᠷᠢᠭᠤᠴᠠᠯᠭ᠎ᠠ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠠᠵᠢᠯ ᠤᠨ ᠵᠠᠷᠴᠢᠮ᠂ ᠪᠠᠯᠠ ᠮᠥᠩᠭᠦᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︵ᠬᠤᠶᠠᠷ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠲᠥᠯᠥᠪᠵᠢᠭᠦᠯᠭᠡ | ᠪᠦᠲᠦᠭᠡᠨ ᠪᠠᠶᠢᠭᠤᠯᠤᠯᠲᠠ ᠶᠢᠨ ᠲᠤᠬᠠᠶ᠃ ︽ᠠᠷᠭ᠎ᠠ︾ ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ | ᠤᠰᠤ ᠰᠢᠢᠳᠪᠦᠷᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠤᠤᠯ ᠴᠣᠭᠴᠠ᠂ ᠲᠠᠰ ᠳᠠᠷᠠᠭᠠᠯᠠᠯ ᠵᠢᠴᠢ | ᠠᠭᠤᠯᠭ᠎ᠠ ᠶᠢ ᠲᠣᠳᠣᠷᠬᠠᠶᠢᠯᠠᠪᠠ᠃ ᠬᠤᠭᠤᠯᠠᠢ ᠶᠢᠨ ᠲᠣᠣᠷ᠂ ᠬᠥᠭᠡᠷᠭᠡ ᠶᠢᠨ ᠦᠷᠳᠡᠭᠡ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠵᠢᠴᠢ ᠪᠣᠬᠢᠷ ᠰᠢᠪᠠᠷ ᠰᠢᠢᠳᠪᠦᠷᠢᠯᠡᠬᠦ᠂ ᠳᠠᠬᠢᠯᠲᠠ ᠤᠰᠤ ᠶᠢ ᠠᠰᠢᠭᠯᠠᠬᠤ᠂ ᠪᠣᠷᠣᠭᠠᠨ ᠤ ᠤᠰᠤ ᠶᠢ | ᠲᠣᠬᠢᠷᠠᠭᠤᠯᠤᠨ ᠬᠠᠳᠠᠭᠠᠯᠠᠬᠤ ᠪᠠ ᠭᠠᠳᠠᠭᠰᠢᠯᠠᠭᠤᠯᠬᠤ ᠵᠡᠷᠭᠡ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢ ᠪᠦᠳᠦᠭᠡᠨ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠶᠢ ᠨᠢᠭᠡᠳᠦᠯᠲᠡᠢ ᠲᠥᠯᠥᠪᠯᠡᠨ ᠲᠤᠬᠢᠷᠠᠭᠤᠯᠬᠤ ᠶᠢ | ᠱᠠᠭᠠᠷᠳᠠᠪᠠ᠃ ᠬᠤᠲᠠ ᠶᠢᠨ ᠵᠠᠮ ᠢ ᠲᠦᠰᠢᠭᠯᠡᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠪᠠᠶᠢᠭᠤᠯᠬᠤ ᠳᠤ | ᠬᠤᠲᠠ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠲᠣᠭᠲᠠᠯᠴᠠᠭᠠᠨ ᠤ ᠲᠥᠯᠥᠪᠵᠢᠭᠦᠯᠭᠡ ᠪᠣᠯᠤᠨ ᠣᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠯᠡᠭᠡ ᠯᠦᠭᠡ ᠵᠣᠬᠢᠴᠠᠭᠤᠯᠵᠤ᠂ ᠬᠤᠲᠠ ᠶᠢᠨ ᠶᠠᠪᠤᠳᠠᠯ ᠤᠨ ᠵᠠᠮ ᠯᠤᠭ᠎ᠠ ᠵᠡᠷᠭᠡ ᠳᠤ ᠨᠢ ᠪᠦᠲᠦᠭᠡᠨ | ᠪᠠᠶᠢᠭᠤᠯᠬᠤ ᠬᠡᠷᠡᠭᠲᠡᠶ᠃ ᠤᠰᠤᠲᠤᠯ ᠬᠢᠯᠪᠠᠷᠬᠠᠨ ᠡᠭᠦᠰᠬᠦ ᠭᠠᠵᠠᠷ ᠣᠷᠣᠨ ᠤ ᠭᠠᠵᠠᠷ ᠳᠣᠤᠷᠠᠬᠢ ᠪᠠᠷᠢᠯᠭ᠎ᠠ᠂ ᠪᠠᠷᠢᠯᠭ᠎ᠠ ᠶᠢᠨ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠢᠯᠪᠠᠷᠬᠠᠨ | ᠤᠰᠤᠲᠤᠬᠤ ᠣᠷᠣᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ | ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠶ᠃ | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ ︽ | ᠠᠷᠭ᠎ᠠ︾ ᠳᠤ ᠠᠵᠤ ᠦᠢᠯᠡᠳᠪᠦᠷᠢ᠂ ᠪᠠᠷᠢᠯᠭ᠎ᠠ᠂ ᠢᠳᠡᠭᠡᠨ ᠤᠮᠳᠠᠭᠠᠨ᠂ ᠡᠮ ᠡᠮᠨᠡᠯᠭᠡ ᠵᠡᠷᠭᠡ ᠠᠵᠢᠯᠯᠠᠭ᠎ᠠ ᠡᠷᠭᠢᠯᠡᠵᠦ | ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠦᠭᠦᠳ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠳᠤ ᠪᠣᠬᠢᠷ ᠤᠰᠤ ᠭᠠᠳᠠᠭᠰᠢᠯᠠᠭᠤᠯᠬᠤ ᠭᠡᠪᠡᠯ ᠤᠰᠤ | ᠲᠠᠲᠠᠷᠠᠭᠤᠯᠬᠤ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠬᠢᠷ ᠤᠰᠤ ᠲᠠᠲᠠᠷᠠᠭᠤᠯᠬᠤ ᠬᠤᠭᠤᠯᠠᠶ ᠶᠢᠨ ᠲᠣᠤᠷ ᠲᠤ ᠪᠣᠬᠢᠷ ᠤᠰᠤ | ᠭᠠᠳᠠᠭᠰᠢᠯᠠᠭᠤᠯᠬᠤ ᠵᠥᠪᠰᠢᠶᠡᠷᠡᠯ ᠠᠪᠬᠤ ᠬᠡᠷᠡᠭᠲᠡᠶ᠃ ᠬᠤᠲᠠ ᠪᠠᠯᠭᠠᠰᠤᠨ ᠳᠤ ᠤᠰᠤ ᠲᠠᠲᠠᠷᠠᠭᠤᠯᠬᠤ ᠪᠡᠯᠡᠳᠬᠡᠮᠵᠢ ᠳᠤ | ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠭᠡᠪᠡᠯ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠢᠳᠴᠢᠯᠠᠨ ᠰᠢᠢᠳᠪᠦᠷᠢᠯᠡᠵᠦ᠂ ᠬᠤᠲᠠ ᠪᠠᠯᠭᠠᠰᠤᠨ ᠤ ᠪᠣᠬᠢᠷ | ᠤᠰᠤ ᠰᠢᠢᠳᠪᠦᠷᠢᠯᠡᠬᠦ ᠪᠡᠯᠡᠳᠬᠡᠮᠵᠢ ᠶᠢᠨ ᠰᠢᠢᠳᠪᠦᠷᠢᠯᠡᠬᠦ ᠮᠡᠷᠭᠡᠵᠢᠯ ᠤᠨ ᠱᠠᠭᠠᠷᠳᠠᠯᠭ᠎ᠠ ᠳᠤ ᠬᠦᠷᠪᠡᠰᠦ ᠭᠠᠳᠠᠭᠰᠢᠯᠠᠭᠤᠯᠵᠤ | ᠪᠣᠯᠤᠨ᠎ᠠ᠃ | ︵ᠲᠦᠷᠪᠡ︶ ᠪᠣᠬᠢᠷ ᠤᠰᠤ ᠰᠢᠢᠳᠪᠦᠷᠢᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠰᠢᠭᠯᠠᠮᠵᠢ ᠪᠠᠷ ᠰᠦᠢᠳᠭᠡᠯ | ᠬᠤᠷᠢᠶᠠᠬᠤ ᠡᠵᠡᠩᠨᠡᠨ ᠠᠵᠢᠯᠯᠠᠭᠤᠯᠬᠤ ᠬᠡᠪ ᠵᠠᠭᠪᠤᠷ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠨᠦᠭᠦᠳ ᠢ ᠵᠣᠷᠢᠭᠵᠢᠭᠤᠯᠵᠤ ᠪᠠᠶᠢᠭᠠᠳ ᠳᠡᠭᠡᠳᠦ | ᠤᠷᠤᠰᠬᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠠᠳᠠᠷᠠᠬᠤᠶᠢᠴᠠ ᠴᠢᠨᠠᠷ ᠢᠶᠠᠷ ᠴᠢᠩᠭ᠎ᠠ ᠪᠦᠬᠦᠢ ᠪᠣᠬᠢᠷ ᠤᠰᠤ ᠶᠢ | ᠳᠣᠤᠷᠠᠳᠤ ᠤᠷᠤᠰᠬᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠶᠢᠨ | ᠡᠭᠦᠰᠪᠦᠷᠢ ᠪᠣᠯᠭᠠᠵᠤ ᠨᠥᠬᠦᠪᠦᠷᠢᠯᠡᠬᠦ ᠪᠠᠷ ᠱᠠᠭᠠᠷᠳᠠᠪᠠ᠃ ᠡᠬᠢ ᠪᠠᠶᠠᠯᠢᠭ ᠢᠯᠴᠢ ᠶᠢᠨ ᠴᠠᠬᠢᠯᠭᠠᠨ ᠤ ᠦᠢᠯᠡᠳᠪᠦᠷᠢ᠂ | ᠱᠦᠢᠨᠢ ᠶᠢᠨ ᠦᠢᠯᠡᠳᠪᠦᠷᠢ᠂ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠪᠠᠶᠢᠭ᠎ᠠ ᠭᠠᠵᠠᠷ ᠤᠨ ᠢᠶᠠᠨ ᠪᠣᠬᠢᠷ | ᠰᠢᠪᠠᠷ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠪᠣᠬᠢᠷ ᠰᠢᠪᠠᠷ ᠢ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ | ᠲᠣᠬᠢᠷᠠᠭᠤᠯᠵᠤ᠂ ᠪᠣᠬᠢᠷ ᠰᠢᠪᠠᠷ ᠢ ᠬᠠᠮᠵᠢᠯᠴᠠᠨ ᠰᠢᠲᠠᠭᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ | ᠵᠣᠷᠢᠭᠵᠢᠭᠤᠯᠤᠨ᠎ᠠ᠃ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠳᠡᠭᠢᠯᠳᠡ ᠤᠰᠤ ᠶᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠤᠨ ᠤ ᠡᠬᠢ ᠪᠠᠶᠠᠯᠢᠭ ᠤᠨ ᠨᠢᠭᠡᠳᠦᠯᠲᠡᠶ | ᠲᠣᠬᠢᠷᠠᠭᠤᠯᠤᠯᠲᠠ ᠳᠤ ᠣᠷᠣᠭᠤᠯᠵᠤ᠂ ᠳᠡᠭᠢᠯᠳᠡ ᠤᠰᠤᠨ ᠤ ᠠᠰᠢᠭᠯᠠᠮᠵᠢ ᠶᠢ ᠠᠬᠢᠭᠤᠯᠬᠤ ᠶᠢ ᠱᠠᠭᠠᠷᠳᠠᠪᠠ᠃ | ︵ᠲᠠᠪᠤ︶ ᠪᠡᠯᠡᠳᠬᠡᠮᠵᠢ ᠶᠢ ᠬᠠᠮᠠᠭᠠᠯᠠᠵᠤ ᠬᠠᠮᠢᠶᠠᠷᠬᠤ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠬᠤ ᠭᠤᠤᠯ ᠴᠣᠭᠴᠠ᠂ | ᠵᠠᠭᠠᠭ ᠬᠢᠵᠠᠭᠠᠷ᠂ ᠠᠵᠢᠯᠯᠠᠭᠤᠯᠤᠨ ᠬᠠᠮᠠᠭᠠᠯᠠᠬᠤ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠯᠦᠭᠡ ᠬᠠᠮᠲᠤᠷᠠᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ ᠲᠤᠰᠬᠠᠶᠢᠵᠢᠭᠰᠠᠨ | ᠠᠵᠢᠯᠯᠠᠭᠠᠨ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭᠤᠯᠠᠶ ᠶᠢᠨ | ᠲᠣᠤᠷ᠂ ᠬᠥᠭᠡᠷᠭᠡ ᠶᠢᠨ ᠥᠷᠲᠡᠭᠡ᠂ ᠲᠣᠬᠢᠷᠠᠭᠤᠯᠤᠨ ᠬᠠᠳᠠᠭᠠᠯᠠᠬᠤ ᠴᠥᠭᠦᠷᠥᠮ ᠤᠨ ᠬᠤᠯᠪᠣᠭᠠᠯᠠᠭᠰᠠᠨ ᠬᠠᠮᠠᠭᠠᠯᠠᠯᠲᠠ ᠶᠢ | ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ | ᠬᠡᠷᠡᠭᠵᠢᠭᠦᠯᠬᠦ ᠶᠢ ᠵᠣᠷᠢᠭᠵᠢᠭᠤᠯᠵᠤ᠂ ᠪᠣᠬᠢᠷ ᠤᠰᠤ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ | ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ ᠱᠠᠭᠠᠷᠳᠠᠪᠠ᠃ | ︵ᠵᠢᠷᠭᠤᠭ᠎ᠠ︶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ᠃ ︽ᠠᠷᠭ᠎ᠠ︾ ᠳᠤ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠬᠤᠯᠠᠴᠢᠯᠠᠵᠤ᠂ ᠤᠰᠤ ᠲᠠᠲᠠᠷᠠᠭᠤᠯᠬᠤ ᠡᠷᠦᠬᠡ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ | ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠵᠡᠷᠭᠡ ᠬᠢᠨᠠᠯᠲᠠ ᠬᠠᠮᠢᠶᠠᠷᠤᠯᠲᠠ ᠶᠢᠨ | ᠡᠲᠡᠭᠡᠳ ᠲᠤ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠮᠵᠢ ᠲᠠᠢ ᠪᠠᠶᠢᠬᠤ ᠶᠢ ᠨᠢ ᠤᠷᠮᠠᠰᠢᠭᠤᠯᠬᠤ᠂ | ᠢᠲᠡᠭᠡᠮᠵᠢ ᠠᠯᠳᠠᠭᠰᠠᠳ ᠢ ᠨᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠬᠤ ᠶᠢ | ᠴᠢᠬᠤᠯᠠᠴᠢᠯᠠᠪᠠ᠃ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ | ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ ᠪᠠᠶᠢᠵᠤ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠪᠠᠨ ᠪᠦᠷᠢᠨᠰᠢᠬᠦᠯᠵᠦ᠂ | ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠨᠡᠶᠢᠲᠡᠯᠡᠬᠦ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢ ᠲᠣᠭᠲᠠᠭᠠᠪᠠ᠃ |