ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠰᠢᠨ᠎ᠠ ᠨᠢᠭᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠲᠤᠬᠠᠢ | ᠨᠠᠮ ᠤᠨ ᠭᠠᠳᠠᠨᠠᠬᠢ ᠬᠥᠮᠥᠰ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ | ᠬᠤᠷᠠᠯ ᠢ ᠡᠷᠬᠢᠯᠡᠬᠰᠡᠨ ᠪᠦᠭᠡᠳ ᠶᠠᠷᠢᠶ᠎ᠠ ᠲᠠᠯᠪᠢᠵᠠᠢ᠃ | ᠶᠠᠷᠢᠯᠴᠠᠬᠤ ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠭᠦᠸᠧ ᠢᠦᠢ ᠹᠧᠩ 2024 ᠣᠨ ᠤ ᠪᠦᠬᠦ ᠠᠶᠢᠮᠠᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠵᠦ᠂ 7 ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ 2024 | ᠤᠨ ᠤ ᠪᠦᠬᠦ ᠠᠶᠢᠮᠠᠭ ᠤᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ | ᠬᠠᠮᠲᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠠᠨᠠᠯ ᠰᠠᠨᠠᠭᠤᠯᠭ᠎ᠠ ᠳᠤᠷᠠᠳᠴᠠᠢ᠃ ᠵᠠᠩ ᠪᠠᠢ ᠴᠧᠩ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ | ᠨᠠᠷᠢᠨ ᠬᠢᠨᠠᠮᠠᠭᠠᠢ ᠡᠮᠬᠢᠯᠡᠵᠦ᠂ ᠵᠦᠢᠯ ᠵᠤᠷᠪᠤᠰ ᠳᠠᠷᠠᠭᠠᠯᠠᠨ ᠰᠤᠳᠤᠯᠵᠤ᠂ ᠭᠦᠢᠴᠡᠳ ᠬᠦᠯᠢᠶᠡᠨ ᠠᠪᠬᠤ ᠶᠢ | ᠱᠠᠭᠠᠷᠳᠠᠪᠠ᠃ | ᠵᠠᠩ ᠪᠠᠢ ᠴᠧᠩ ᠭᠡᠯᠡᠭᠦ ᠳᠡᠭᠡᠨ᠂ 2024 ᠤᠨ ᠠᠴᠠ ᠨᠠᠭᠠᠰᠢ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠰᠠᠨᠠᠭᠠᠴᠢᠯᠠᠭ᠎ᠠ ᠠᠴᠠ ᠪᠠᠨ | ᠪᠦᠬᠦ ᠠᠶᠢᠮᠠᠭ ᠤᠨ ᠭᠤᠣᠯ ᠠᠵᠢᠯ ᠳᠤ ᠣᠷᠣᠯᠴᠠᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ | ᠵᠠᠰᠠᠭ ᠤᠨ ᠶᠠᠪᠤᠳᠠᠯ ᠢ ᠵᠥᠪᠯᠡᠵᠦ᠂ ᠨᠠᠷᠢᠨ ᠬᠢᠨᠠᠮᠠᠭᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠪᠡ᠃ ᠵᠠᠩ ᠪᠠᠢ ᠴᠧᠩ | ᠠᠶᠢᠮᠠᠭ ᠤᠨ ᠨᠠᠮ ᠤᠨ ᠬᠤᠷᠢᠶ᠎ᠠ ᠪᠣᠯᠣᠨ ᠵᠠᠬᠢᠷᠭ᠎ᠠ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠪᠡ᠃ | ᠵᠠᠩ ᠪᠠᠢ ᠴᠧᠩ ᠭᠡᠯᠡᠭᠦ ᠳᠡᠭᠡᠨ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠵᠠᠩᠭᠢᠯᠠᠭ᠎ᠠ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ ᠠᠷᠪᠠᠨ ᠲᠠᠪᠤᠳᠤᠭᠠᠷ | ᠲᠠᠪᠤᠨ ᠵᠢᠯ ᠤᠨ ᠲᠥᠯᠦᠪᠵᠢᠭᠦᠯᠭᠡ ᠶᠢ ᠵᠣᠯᠭᠠᠭᠤᠯᠬᠤ ᠵᠢᠯ ᠮᠥᠨ᠂ ᠪᠥᠬᠦ ᠠᠶᠢᠮᠠᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠡᠲᠦ ᠶᠢᠨ ᠪᠥᠭᠡᠳ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠣᠨ ᠨᠠᠮ ᠪᠦᠯᠦᠭ ᠤᠨ ᠪᠤᠰᠤ ᠬᠥᠮᠥᠰ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ | ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠬᠴᠠᠯᠠᠬᠤ ᠠᠵᠢᠯ ᠤᠨ ᠭᠤᠣᠯ ᠰᠢᠵᠢᠮ ᠤᠨ ᠲᠤᠭᠤᠷᠢᠨ ᠳᠤ ᠴᠢᠳᠠᠪᠤᠷᠢᠲᠠᠨ ᠴᠤᠭᠯᠠᠷᠠᠭᠰᠠᠨ᠂ ᠣᠶᠤᠨ ᠤᠬᠠᠭᠠᠨ | ᠲᠥᠪᠯᠡᠷᠡᠭᠰᠡᠨ᠂ ᠥᠷᠭᠡᠨ ᠳᠡᠯᠭᠡᠷ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠠᠭᠠᠵᠤ᠂ ᠬᠤᠶᠠᠷ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠬᠦ ᠳᠤ | ᠰᠠᠭᠤᠷᠢᠯᠠᠨ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠪᠥᠬᠦ ᠬᠦᠴᠦᠨ ᠢᠶᠠᠷ ᠠᠬᠢᠭᠤᠯᠤᠨ᠂ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ ᠰᠡᠳᠦᠪ ᠢᠶᠠᠨ | ᠰᠠᠶᠢᠲᠤᠷ ᠰᠣᠩᠭᠤᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠥᠬᠦ | ᠲᠠᠯ᠎ᠠ ᠪᠠᠷ ᠥᠷᠨᠢᠭᠦᠯᠦᠨ᠂ ᠦᠨᠡᠨ ᠬᠦ ᠶᠠᠪᠤᠭᠳᠠᠭᠤᠰᠢᠲᠠᠢ ᠰᠠᠨᠠᠯ ᠰᠠᠨᠠᠭᠤᠯᠭ᠎ᠠ ᠳᠤᠷᠠᠳᠴᠤ᠂ ᠪᠥᠬᠦ ᠠᠶᠢᠮᠠᠭ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠬᠦᠴᠦᠨ | ᠴᠢᠳᠠᠯ ᠢᠶᠠᠨ ᠡᠷᠭᠦᠭᠦ ᠭᠡᠷᠡᠭᠳᠡᠢ ᠭᠡᠪᠡ᠃ | ᠠᠶᠢᠮᠠᠭ ᠤᠨ ᠳᠥᠷᠪᠡᠨ ᠶᠡᠭᠡ ᠤᠳᠤᠷᠢᠳᠬᠤ ᠪᠠᠭ ᠤᠨ ᠬᠤᠯᠪᠤᠭᠳᠠᠯ ᠪᠦᠬᠦᠢ ᠤᠳᠤᠷᠢᠳᠤᠯᠭ᠎ᠠ ᠵᠢᠴᠢ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |