ᠠᠶᠢᠮᠠᠭ ᠤᠨ ᠨᠠᠮ ᠤᠨ ᠬᠤᠷᠢᠶ᠎ᠠ 2024 ᠣᠨ ᠤ ᠲᠠᠪᠢᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/3
     ᠣᠶᠢᠷ᠎ᠠ ᠳᠤ᠂  ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠲᠠᠪᠢᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠠ᠂ ᠭᠠᠳᠠᠭᠠᠳᠤ ᠨᠡᠭᠡᠭᠡᠯᠲᠡ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠢᠯᠢ ᠬᠢᠵᠠᠭᠠᠷ ᠤᠨ ᠵᠠᠰᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠳᠡᠯᠭᠡᠷᠡᠭᠦᠯᠦᠨ᠂ ᠤᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ᠂ ᠠᠵᠤ ᠠᠬᠤᠶᠢᠯᠠᠯ ᠤᠨ ᠪᠣᠭᠤᠮᠢ ᠬᠦᠴᠢᠷᠳᠡᠯ᠂ ᠦᠨᠳᠦᠰᠦᠨ ᠱᠠᠲᠤᠨ ᠤ ᠲᠣᠪᠤᠶᠢᠮ᠎ᠠ ᠠᠰᠠᠭᠤᠳᠠᠯ ᠢ ᠦᠨᠡᠨ ᠬᠦ ᠰᠠᠶᠢᠲᠤᠷ ᠰᠶᠢᠳᠪᠦᠷᠢᠯᠡᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠬᠡᠪ ᠳᠠᠭᠤᠷᠢᠶᠠᠯ ᠪᠣᠯᠭᠠᠵᠤ᠂ ᠠᠶᠢᠮᠠᠭ ᠤᠨ ᠨᠠᠮ ᠤᠨ ᠬᠤᠷᠢᠶᠠᠨ ᠤ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠪᠡᠯᠡᠳᠬᠡᠨ ᠬᠤᠷᠠᠯᠳᠤᠭᠤᠯᠵᠤ᠂ ᠴᠢᠨᠠᠷ ᠰᠠᠶᠢᠲᠠᠢ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾  ᠤᠨ ᠵᠣᠷᠢᠭ ᠰᠠᠨᠠᠭ᠎ᠠ ᠢᠢ ᠤᠯᠠᠮᠵᠢᠯᠠᠨ ᠰᠤᠷᠤᠯᠴᠠᠵᠤ᠂ ᠡᠷᠬᠢᠨ ᠦᠵᠡᠵᠦ ᠲᠣᠬᠤᠨᠢᠭᠤᠯᠬᠤ᠂ ᠴᠠᠯᠢᠩ ᠥᠷᠢᠲᠦᠬᠦ ᠶᠢ ᠵᠠᠰᠠᠬᠤ ᠡᠪᠦᠯ ᠤᠨ ᠤᠯᠠᠷᠢᠯ ᠤᠨ ᠠᠵᠢᠯᠯᠠᠭ᠎ᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ᠂ ᠠᠶᠤᠯᠭᠦᠢ ᠦᠢᠯᠡᠳᠪᠦᠷᠢᠯᠡᠯ᠂ ︽ᠬᠤᠶᠠᠷ ᠪᠠᠶᠠᠷ︾  ᠤᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ᠂ ᠣᠯᠠᠨ ᠲᠦᠮᠡᠨ ᠤ ᠪᠠᠶᠠᠷ ᠵᠢᠷᠭᠠᠯ ᠲᠠᠢ ᠪᠥᠭᠡᠳ ᠥᠯᠵᠡᠢ ᠪᠡᠯᠭᠡ ᠲᠠᠢ ᠪᠠᠶᠠᠷ ᠤᠨ ᠡᠳᠦᠷ ᠢᠶᠠᠨ ᠦᠡᠭᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ 2024 ᠣᠨ ᠤ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠪᠣᠯᠣᠨ 2025 ᠣᠨ ᠤ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠳᠡ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠪᠣᠳᠠᠲᠠᠢ  ᠠᠵᠢᠯᠯᠠᠬᠤ  ᠶᠢ  ᠴᠢᠬᠤᠯᠠᠴᠢᠯᠠᠬᠤ᠂ ᠪᠣᠳᠠᠲᠠᠢ ᠶᠢ ᠡᠷᠬᠢᠮᠯᠡᠨ ᠭᠠᠪᠢᠶ᠎ᠠ ᠪᠠᠶᠢᠭᠤᠯᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠤᠢ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠰᠠᠶᠢᠲᠤᠷ ᠬᠢᠬᠦ ᠲᠠᠢ ᠨᠢᠬᠲᠠ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾  ᠶᠢ ᠯᠠᠪᠳᠠᠭᠤᠨ ᠪᠠᠲᠤᠲᠠᠢ ᠠᠬᠢᠭᠤᠯᠤᠨ᠂ ᠬᠥᠭᠵᠢᠯᠲᠡ ᠶᠢ ᠠᠳᠬᠤᠬᠤ ᠰᠡᠳᠬᠢᠮᠵᠢ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠢᠷᠡᠬᠦ ᠵᠢᠯ ᠤᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠰᠠᠶᠢᠲᠤᠷ ᠲᠥᠯᠥᠪᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号