ᠵᠠᠩ ᠪᠠᠢ ᠴᠧᠩ ᠠᠪᠠᠭ᠎ᠠ ᠬᠤᠰᠢᠭᠤᠨ ᠳᠤ ᠵᠠᠰᠠᠭ ᠵᠠᠬᠢᠷᠭᠠᠨ ᠤ ᠲᠣᠰᠬᠤᠠ ︵ᠭᠠᠴᠠᠭ᠎ᠠ︶ ᠳᠤ ᠪᠠᠶᠢᠡᠭᠭᠤ ᠶᠢᠨ ᠴᠠᠬᠢᠯᠭᠠᠨ ᠨᠡᠪᠲᠡᠷᠡᠭᠦᠯᠬᠦ ᠠᠵᠢᠯ ᠢ ᠲᠤᠬᠠᠢ ᠶᠢᠨ ᠲᠠᠯᠠᠪᠠᠶ ᠳᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/1/4
     1 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠪᠠᠶᠠᠨᠴᠡᠩᠭᠡᠯ ᠭᠠᠴᠠᠭᠠᠨ ᠳᠤ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠳᠤ ᠪᠠᠶᠢᠡᠭᠭᠤ ᠶᠢᠨ ᠴᠠᠬᠢᠯᠭᠠᠨ ᠨᠡᠪᠲᠡᠷᠡᠭᠦᠯᠬᠦ ᠠᠵᠢᠯ ᠢ ᠲᠤᠬᠠᠢ ᠶᠢᠨ ᠲᠠᠯᠠᠪᠠᠶ ᠳᠤ ᠱᠠᠯᠠᠪᠳᠠᠭᠤᠯᠤᠨ ᠵᠢᠯᠣᠭᠤᠳᠪᠠ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠳᠤ ᠪᠠᠶᠢᠡᠭᠭᠤ ᠶᠢᠨ ᠴᠠᠬᠢᠯᠭᠠᠨ ᠨᠡᠪᠲᠡᠷᠡᠭᠦᠯᠬᠦ ᠶᠢ ᠠᠬᠢᠭᠤᠯᠬᠤ ᠪᠣᠯ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠵᠠᠩᠭᠢᠯᠠᠭ᠎ᠠ ᠶᠢᠨ ᠭᠠᠷᠳᠠᠴᠠ ᠪᠣᠯᠣᠨ᠎ᠠ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠪᠠᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠯᠪᠤᠬᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠪᠠᠶᠢᠡᠭᠭᠤ ᠶᠢᠨ ᠴᠠᠬᠢᠯᠭᠠᠨ ᠨᠡᠪᠲᠡᠷᠡᠭᠦᠯᠬᠦ ᠠᠵᠢᠯ ᠢ ᠴᠢᠬᠤᠯᠠ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠤᠨ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠠᠳᠬᠤᠠ᠂ ᠶᠠᠰᠤ ᠴᠢᠨᠠᠷ ᠪᠣᠯᠣᠨ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠪᠦᠬᠦᠨ ᠳᠤ ᠪᠠᠶᠢᠡᠭᠭᠤ ᠶᠢᠨ ᠴᠠᠬᠢᠯᠭᠠᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠠᠢ᠃      ᠠᠶᠢᠮᠠᠭ ᠤᠨ ᠤᠳᠤᠷᠢᠳᠤᠯᠭ᠎ᠠ ᠶᠠᠩ ᠯᠢ ᠣᠷᠣᠯᠴᠠᠪᠠ᠃                                                        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号