1 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠭᠦᠸᠧ ᠢᠦᠢ ᠹᠧᠩ ᠰᠢᠯᠢ ᠶᠢᠨ ᠬᠤᠲᠠ ᠳᠤ ᠬᠤᠸᠠ ᠷᠦᠨ | ᠴᠠᠬᠢᠯᠭᠠᠨ ᠬᠦᠴᠦᠨ ᠤ ᠬᠤᠪᠢ ᠤᠷᠤᠭᠤᠯᠤᠯᠲᠠ ᠶᠢ ᠡᠷᠭᠡᠰᠢᠶᠡᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠯ ᠸᠠᠩ | ᠪᠥᠸᠧ ᠲᠠᠢ ᠬᠡᠯᠡᠯᠴᠡᠭᠡ ᠬᠢᠪᠡ᠃ | ᠭᠦᠸᠧ ᠢᠦᠢ ᠹᠧᠩ ᠠᠴᠠ ᠸᠠᠩ ᠪᠥᠸᠧ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠪᠣᠯᠣᠨ ᠬᠤᠸᠠ ᠷᠦᠨ ᠴᠠᠬᠢᠯᠭᠠᠨ | ᠬᠦᠴᠦᠨ ᠤ ᠺᠣᠮᠫᠠᠨᠢ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠥᠭᠡᠳ ᠥᠷᠭᠡᠨ ᠳᠡᠯᠭᠡᠷ | ᠬᠠᠮᠲᠤᠷᠠᠯᠴᠠᠭᠠᠨ ᠤ ᠠᠯᠤᠰ ᠢᠷᠡᠭᠡᠳᠦᠢ ᠲᠠᠢ ᠶᠤᠮ᠃ ᠣᠳᠣᠬᠠᠨ ᠳᠤ᠂ ᠰᠢᠯᠢ ᠶᠢᠨ ᠭᠤᠣᠯ ᠠᠶᠢᠮᠠᠭ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠪᠠᠷ ᠭᠤᠣᠯ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠬᠦᠯᠬᠦ ᠶᠢ ᠠᠬᠢᠭᠤᠯᠵᠤ ᠪᠤᠢ᠃ ᠰᠢᠯᠢ ᠶᠢᠨ ᠭᠤᠣᠯ ᠠᠶᠢᠮᠠᠭ ᠤᠨ ᠪᠣᠬᠢᠷᠲᠤᠯ ᠦᠭᠡᠢ ᠳᠠᠪᠠᠭᠤᠯᠢᠭ᠂ ᠡᠬᠢ | ᠪᠠᠶᠠᠯᠢᠭ ᠤᠨ ᠳᠠᠪᠠᠭᠤᠯᠢᠭ ᠢ ᠠᠵᠤ ᠠᠬᠤᠶᠢᠯᠠᠯ ᠤᠨ ᠮᠡᠷᠭᠡᠵᠢᠯ ᠤᠨ ᠳᠠᠪᠠᠭᠤᠯᠢᠭ᠂ ᠵᠠᠬ᠎ᠠ ᠳᠡᠯᠭᠡᠭᠦᠷ ᠤᠨ | ᠳᠠᠪᠠᠭᠤᠯᠢᠭ ᠲᠠᠢ ᠤᠶᠠᠯᠳᠤᠭᠤᠯᠵᠤ᠂ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ᠂ ᠴᠡᠪᠡᠷ ᠡᠨᠧᠷᠭᠢ ᠶᠢ | ᠨᠡᠭᠡᠭᠡᠨ ᠠᠰᠢᠭᠯᠠᠬᠤ ᠵᠡᠷᠭᠡ ᠲᠦᠷᠦᠯ ᠵᠦᠢᠯ ᠢ ᠴᠢᠨᠠᠭᠰᠢᠳᠠ ᠠᠬᠢᠭᠤᠯᠤᠨ᠂ ᠪᠦᠬᠦ ᠲᠠᠯ᠎ᠠ ᠶᠢᠨ᠂ ᠤᠯᠠᠨ ᠬᠦᠷᠢᠶᠡᠨ ᠤ | ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠠᠢ᠃ | ᠸᠠᠩ ᠪᠥᠸᠧ ᠢᠯᠡᠷᠬᠡᠶᠢᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠤᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠰᠢᠯᠢᠳᠡᠭ ᠰᠠᠶᠢᠨ᠂ ᠣᠷᠣᠨ ᠪᠠᠶᠢᠷᠢ ᠶᠢᠨ ᠨᠥᠬᠦᠴᠡᠯ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ | ᠲᠣᠪᠤᠶᠢᠮ᠎ᠠ᠂ ᠬᠠᠮᠲᠤᠷᠠᠯᠴᠠᠭᠠᠨ ᠤ ᠢᠷᠡᠭᠡᠳᠦᠢ ᠰᠠᠷᠠᠭᠤᠯ ᠠᠭᠤᠳᠠᠮ ᠪᠠᠶᠢᠨ᠎ᠠ᠃ ᠬᠤᠸᠠ ᠷᠦᠨ ᠴᠠᠬᠢᠯᠭᠠᠨ | ᠬᠦᠴᠦᠨ ᠤ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠭᠦᠷᠡᠰᠦᠨ ᠠᠭᠤᠷᠬᠠᠢ᠂ | ᠭᠠᠯ ᠴᠠᠬᠢᠯᠭᠠᠨ᠂ ᠰᠢᠨ᠎ᠡ ᠡᠨᠧᠷᠭᠢ ᠪᠣᠯᠣᠨ ᠪᠤᠬᠢᠷᠳᠤᠯ ᠦᠬᠡᠢ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷᠲᠦ | ᠠᠯᠺᠣᠣᠯ ᠦᠢᠯᠡᠳᠬᠦ ᠵᠡᠷᠭᠡ ᠲᠠᠯ᠎ᠠ ᠪᠠᠷ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠲᠤ ᠦᠷᠭᠦᠯᠵᠢᠯᠡᠨ | ᠭᠦᠨᠵᠡᠭᠡᠶᠢᠷᠡᠵᠦ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢᠨ ᠭᠦᠨᠴᠡ ᠪᠣᠯᠣᠨ | ᠥᠷᠭᠡᠴᠡ ᠶᠢ ᠳᠠᠰᠤᠷᠠᠯᠳᠠ ᠦᠭᠡᠢ ᠥᠷᠭᠡᠳᠬᠡᠠ᠂ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠰᠠᠭᠤᠷᠢᠨ ᠤ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠠᠢ᠃ | ᠠᠶᠢᠮᠠᠭ ᠤᠨ ᠳᠡᠳ᠋ ᠳᠠᠷᠤᠭ᠎ᠠ ᠵᠣᠣ ᠹᠧᠢ ᠫᠧᠩ ᠬᠡᠯᠡᠯᠴᠡᠭᠡ ᠬᠢᠬᠦ ᠳᠤ ᠣᠷᠣᠯᠴᠠᠪᠠ᠃ | ᠣᠷᠴᠢᠭᠤᠯᠣᠭᠴᠢ᠄ ᠣᠶᠣᠩᠬᠤᠸᠠᠷ | |