ᠤᠯᠠᠨ ᠤ ᠠᠩᠬᠠᠷᠤᠯ ᠢ ᠲᠠᠲᠠᠭᠰᠠᠨ ︽ᠪᠠᠶᠠᠰᠬᠤᠯᠠᠩᠳᠦ ᠮᠦᠡᠭᠭᠦᠨ ᠡᠪᠤᠯ · ᠢᠷᠡᠭᠡᠳᠦᠢ ᠪᠠᠨ ᠬᠠᠮᠲᠤ ᠪᠠᠷ | ᠴᠣᠭᠴᠠᠯᠠᠶ᠎ᠠ︾ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ | ᠤᠯᠠᠷᠢᠯ · ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠵᠢᠴᠢ ᠤᠯᠠᠭᠠᠢ ᠬᠠᠮᠢᠶᠠᠷᠤᠯᠲᠠ ᠶᠢᠨ ᠣᠷᠣᠨ ᠤ | ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠭᠤᠣᠯ ᠰᠡᠳᠦᠪᠲᠦ ᠠᠵᠢᠯᠯᠠᠭ᠎ᠠ | ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠨᠳᠤᠬᠤᠢ ᠦᠵᠡᠮᠵᠢ ᠶᠢᠨ ᠣᠷᠣᠨ ᠳᠤ ᠡᠬᠢᠯᠡᠪᠡ᠃ | ᠠᠵᠢᠯᠯᠠᠭ᠎ᠠ ᠶᠢᠨ ᠠᠬᠤᠢ ᠲᠠᠯᠠᠪᠠᠢ ᠳᠤ ᠦᠨᠳᠦᠰᠦᠲᠡᠨ ᠤ ᠬᠤᠪᠴᠠᠰᠤ ᠵᠠᠰᠠᠯ ᠢᠶᠠᠷ ᠭᠤᠶᠤᠬᠰᠠᠨ | ᠲᠣᠭᠯᠠᠭᠴᠢᠳ ᠳᠠᠭᠤᠯᠠᠨ ᠪᠥᠵᠢᠭᠯᠡᠵᠦ᠂ ᠤᠯᠠᠨ ᠲᠦᠮᠡᠨ ᠳᠤ ᠬᠠᠷᠠᠭᠠᠨ ᠰᠡᠷᠡᠯ ᠪᠣᠯᠣᠨ ᠰᠣᠨᠣᠷ ᠤᠨ ᠰᠡᠷᠡᠯ ᠤᠨ | ᠦᠪᠡᠳᠡᠭᠰᠢ ᠨᠠᠶᠢᠷ ᠢ ᠳᠡᠯᠭᠡᠨ ᠦᠵᠡᠭᠦᠯᠪᠡ᠃ ᠲᠤᠬᠠᠢ ᠶᠢᠨ ᠲᠠᠯᠠᠪᠤᠷ ᠲᠤ ᠪᠠᠰᠠ ᠬᠠᠯᠠᠭᠤᠨ ᠠᠭᠤᠷ ᠪᠠᠭᠠᠭᠢᠭᠰᠠᠨ | ᠰᠦ ᠲᠠᠢ ᠴᠠᠢ᠂ ᠰᠢᠷᠠᠭᠰᠠᠨ ᠪᠦᠬᠦᠯᠢ ᠰᠢᠭᠦᠰᠦ᠂ ᠬᠤᠨᠢᠨ ᠮᠢᠬᠠᠨ ᠤ ᠱᠣᠷᠣᠯᠢᠭ ᠵᠡᠷᠭᠡ ᠠᠮᠲᠠᠲᠤ ᠢᠳᠡᠭᠡᠨ ᠢ | ᠵᠢᠭᠤᠯᠴᠢᠯᠠᠬᠰᠠᠳ ᠲᠤ ᠠᠮᠲᠠᠯᠠᠭᠤᠯᠵᠠᠢ᠃ | ᠳᠠᠷᠠᠭ᠎ᠠ ᠨᠢ᠂ ᠰᠣᠶᠣᠯ ᠵᠢᠭᠤᠯᠴᠢᠯᠠᠯ ᠤᠨ ᠠᠯᠢ ᠤᠯᠠᠨ ᠭᠤᠶᠢᠳᠠ ᠰᠠᠶᠢᠬᠠᠨ ᠭᠤᠣᠯ ᠰᠡᠳᠦᠪᠲᠦ ᠠᠵᠢᠯᠯᠠᠭ᠎ᠠ | ᠤᠯᠠᠨ ᠤ ᠠᠩᠬᠠᠷᠤᠯ ᠢ ᠲᠠᠲᠠᠪᠠ᠃ ︽ᠬᠠᠮᠤᠭ ᠤᠨ ᠭᠤᠶᠣ ᠠᠨᠠᠷ ᠤᠨ ᠰᠡᠳᠬᠢᠯᠭᠡ · ᠬᠠᠮᠤᠭ ᠤᠨ ᠭᠤᠶᠤ | ᠦᠨᠳᠦᠰᠦᠲᠡᠨ ᠤ ᠬᠡᠪ ᠨᠠᠮᠪᠠ︾ ᠮᠣᠩᠭᠤᠯ ᠬᠤᠪᠴᠠᠰᠤ ᠵᠠᠰᠠᠯ ᠤᠨ ᠤᠷᠤᠯᠳᠤᠭᠠᠨ ᠳᠤ ᠬᠦᠮᠦᠰ ᠬᠡᠭᠡᠨᠴᠢᠷ ᠰᠠᠶᠢᠬᠠᠨ | ᠬᠤᠪᠴᠠᠰᠤ ᠵᠠᠰᠠᠯ ᠢᠶᠠᠨ ᠡᠮᠦᠰᠴᠦ᠂ ᠭᠤᠶᠢᠳᠠ ᠰᠠᠶᠢᠬᠠᠨ ᠬᠥᠭᠵᠢᠮ ᠤᠨ ᠠᠶ᠎ᠠ ᠪᠠᠷ ᠲᠠᠶᠢᠰᠠᠨ ᠳᠤ ᠭᠠᠷᠴᠤ᠂ | ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠤᠨ ᠥᠪᠡᠷᠮᠢᠴᠡ ᠷᠢᠳᠢ ᠰᠢᠳᠢ ᠶᠢ ᠳᠡᠯᠭᠡᠨ | ᠦᠵᠡᠭᠦᠯᠦᠭᠰᠡᠨ ᠪᠠᠶᠢᠨ᠎ᠠ᠃ ᠡᠭᠦᠨ ᠤ ᠬᠠᠮᠳᠦ᠂ ᠤᠯᠠᠭᠠᠢ ᠨᠠᠭᠤᠷ ᠤᠨ ︽ᠦᠵᠡᠰᠬᠦᠯᠡᠩᠲᠦ ᠰᠠᠶᠢᠬᠠᠨ ᠤᠮᠠᠷᠠᠲᠤ | ᠬᠢᠯᠢ · ᠡᠪᠦᠯ ᠤᠨ ᠬᠠᠪᠤ ᠴᠡᠩᠭᠡᠯ ᠢ ᠡᠳ᠋ᠯᠡᠶ᠎ᠡ︾ ᠮᠥᠰᠥᠨ ᠳᠡᠭᠡᠷᠡᠬᠢ ᠵᠢᠭᠠᠰᠤ ᠭᠥᠬᠢᠳᠡᠬᠦ ᠠᠵᠢᠯᠯᠠᠭ᠎ᠠ ᠶᠢᠨ ᠠᠬᠤᠢ | ᠲᠠᠯᠠᠪᠠᠢ ᠳᠤ᠂ ᠲᠠᠮᠢᠷᠴᠢᠳ ᠤᠷ᠎ᠠ ᠮᠡᠷᠭᠡᠵᠢᠯ ᠢᠶᠠᠨ ᠭᠠᠶᠢᠬᠠᠭᠤᠯᠵᠠᠭᠠᠨᠠ᠃ ᠡᠭᠦᠨ ᠠᠴᠠ ᠭᠠᠳᠠᠨ᠎ᠠ᠂ ᠮᠠᠰᠢᠨ | ᠲᠡᠷᠭᠡᠨ ᠤ ᠭᠦᠴᠦᠨ ᠵᠠᠯᠭᠠᠬᠤ ᠤᠷᠤᠯᠳᠤᠭᠠᠨ᠂ ᠴᠠᠰᠤᠲᠤ ᠲᠠᠯ᠎ᠠ ᠶᠢᠨ ᠬᠥᠯ ᠪᠥᠮᠪᠦᠭᠡ ᠶᠢᠨ ᠤᠷᠢᠯᠭ᠎ᠠ ᠶᠢᠨ | ᠤᠷᠤᠯᠳᠤᠭᠠᠨ ᠵᠠᠯᠭᠠᠭ᠎ᠠ ᠪᠠᠷ ᠶᠠᠪᠤᠭᠳᠠᠬᠤ ᠪᠣᠯᠣᠨ᠎ᠠ᠃ᠤᠯᠠᠭᠠᠢ ᠬᠠᠮᠢᠶᠠᠷᠤᠯᠲᠠ ᠶᠢᠨ ᠣᠷᠣᠨ ᠲᠣᠰ ᠪᠡᠶ᠎ᠡ ᠶᠢᠨ ᠡᠬᠢ | ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ 1 ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ 7 | ᠵᠦᠢᠯ ᠤᠨ ᠮᠥᠰᠥ ᠴᠠᠰᠤᠨ ᠤ ᠠᠵᠢᠯᠯᠠᠭ᠎ᠠ ᠶᠢ ᠡᠷᠭᠢᠯᠡᠵᠦ᠂ ᠮᠥᠰᠥ ᠴᠠᠰᠤᠨ ᠤ ᠵᠢᠭᠤᠯᠴᠢᠯᠠᠯ ᠤᠨ ᠥᠪᠡᠷᠮᠢᠴᠡ | ᠷᠢᠳᠢ ᠰᠢᠳᠢ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠮᠥᠰᠥ ᠴᠠᠰᠤᠨ ᠤ ᠰᠣᠶᠣᠯ ᠬᠢᠭᠡᠳ | ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠥᠰᠥ ᠴᠠᠰᠤᠨ ᠤ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ | |