2024 ᠤᠨ ᠳᠤ᠂ ᠮᠠᠨ ᠤ ᠠᠶᠢᠮᠠᠭ ᠪᠠᠶᠢᠭᠠᠯᠢ ᠬᠦᠮᠦᠨ ᠤ ᠲᠦᠷᠦᠭᠦ᠂ ᠥᠲᠡᠯᠬᠦ᠂ ᠡᠪᠡᠳᠴᠢᠯᠡᠬᠦ᠂ ᠦᠬᠦᠬᠦ | ᠪᠠ ᠠᠵᠤ ᠠᠬᠤᠶᠢᠯᠠᠯ ᠡᠷᠭᠢᠯᠡᠬᠦ᠂ ᠠᠵᠦ ᠠᠬᠤᠶᠢᠯᠠᠯ ᠢᠶᠠᠨ ᠬᠦᠴᠦᠨ ᠦᠭᠡᠢ ᠪᠣᠯᠭᠠᠬᠤ ᠵᠡᠷᠭᠡ ᠶᠠᠪᠤᠳᠠᠯ ᠤᠨ | ᠲᠤᠭᠤᠷᠢᠨ ᠳᠤ ᠣᠨᠴᠠᠯᠢᠬᠲᠦ 10 ᠵᠦᠢᠯ ᠤᠨ ︽ᠨᠢᠭᠡ ᠶᠠᠪᠤᠳᠠᠯ︾ ᠢ ᠡᠮᠬᠢᠯᠡᠨ ᠭᠠᠷᠭᠠᠵᠤ᠂ ᠲᠤᠬᠠᠢ ᠶᠢᠨ | ᠭᠠᠵᠠᠷ ᠤᠨ ᠣᠨᠴᠠᠯᠢᠬᠲᠦ ︽ᠨᠢᠭᠡ ᠶᠠᠪᠤᠳᠠᠯ︾ ᠤᠨ ᠲᠦᠪᠯᠡᠷᠡᠭᠰᠡᠨ ᠦᠢᠯᠡᠴᠢᠯᠡᠭᠡ ᠪᠠᠷ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠲᠦᠪᠯᠡᠷᠡᠭᠦᠯᠦᠨ ᠬᠦᠢᠴᠡᠳᠬᠡᠬᠦ ᠶᠢ ᠠᠬᠢᠭᠤᠯᠤᠨ᠂ ᠣᠳᠤᠬᠠᠨ ᠪᠣᠯᠲᠠᠯ᠎ᠠ ᠨᠡᠶᠢᠲᠡ 23 ᠲᠦᠮᠡ | ᠰᠢᠬᠠᠮ ᠠᠵᠢᠯ ᠶᠠᠪᠤᠳᠠᠯ ᠢ ᠬᠦᠢᠴᠡᠳᠭᠡᠵᠠᠢ᠃ | ᠮᠠᠨ ᠤ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ | ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠬᠦᠢᠴᠡᠳᠬᠡᠬᠦ︾ ᠭᠥᠯᠢᠶᠡᠨ ᠠᠪᠴᠤ ᠰᠶᠢᠳᠪᠦᠷᠢᠯᠡᠬᠦ ᠴᠣᠩᠬᠤᠪᠴᠢ | ᠭᠠᠷᠭᠠᠵᠤ᠂ ᠰᠦᠯᠵᠢᠶᠡᠨ ᠭᠠᠳᠠᠨ᠎ᠠ ᠠᠵᠢᠯ ᠶᠠᠪᠤᠳᠠᠯ ᠭᠦᠢᠴᠡᠳᠬᠡᠬᠦ ᠦᠷ᠎ᠠ ᠪᠦᠲᠦᠮᠵᠢ ᠶᠢ ᠳᠡᠭᠡᠭᠰᠢᠯᠡᠭᠦᠯᠪᠡ︔ | ᠥᠨᠳᠥᠷ ᠳᠠᠪᠲᠠᠮᠵᠢᠲᠤ ᠠᠵᠢᠯ ᠶᠠᠪᠤᠳᠠᠯ ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ | ᠰᠢᠯᠵᠢᠬᠦᠯᠬᠦ᠂ ᠵᠡᠷᠭᠡ ᠪᠠᠷ ᠭᠦᠢᠴᠡᠳᠬᠡᠬᠦ᠂ ᠴᠠᠭ ᠬᠢᠵᠠᠭᠠᠷᠯᠠᠨ ᠰᠶᠢᠳᠪᠦᠷᠢᠯᠡᠵᠦ ᠳᠠᠭᠤᠰᠬᠠᠬᠤ᠂ ᠦᠨᠡᠯᠡᠯᠲᠠ ᠬᠢᠵᠦ | ᠬᠠᠷᠢᠭᠤ ᠲᠤᠰᠬᠠᠬᠤ ᠵᠠᠭᠪᠤᠷ ᠢ ᠬᠡᠷᠡᠭᠵᠢᠬᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ | ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠪᠡ︔ ᠡᠭᠦᠨ ᠤ ᠬᠠᠮᠲᠤ ᠲᠣᠰ ᠭᠠᠵᠠᠷ ᠣᠷᠣᠨ ᠤ ︽ᠨᠢᠭᠡ | ᠶᠠᠪᠤᠳᠠᠯ︾ ᠢ ᠪᠦᠬᠦ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮ ᠤᠲᠠᠰᠤ ᠪᠠᠷ ᠪᠥᠬᠦ ᠲᠠᠯ᠎ᠠ ᠪᠠᠷ ᠨᠡᠪᠲᠡᠷᠡᠭᠦᠯᠬᠦ ᠶᠢ ᠠᠬᠢᠭᠤᠯᠵᠤ᠂ ᠬᠦᠰᠡᠯ ᠱᠠᠭᠠᠷᠳᠠᠯᠭ᠎ᠠ ᠶᠢ | ᠳᠠᠷᠦ᠋ᠢᠬᠠᠨ ᠬᠦᠯᠢᠶᠡᠨ ᠠᠪᠴᠦ ᠰᠶᠢᠳᠪᠦᠷᠢᠯᠡᠬᠦ ᠶᠢ ᠪᠡᠶᠡᠯᠡᠭᠦᠯᠪᠡ᠃ | ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠠᠵᠤ ᠠᠬᠤᠶᠢᠯᠠᠯ ᠪᠤᠯᠤᠨ ᠣᠯᠠᠨ ᠲᠦᠮᠡᠨ ᠳᠤ ᠨᠢᠭᠲᠠ | ᠬᠤᠯᠪᠣᠬᠳᠠᠬᠤ ︽ᠨᠢᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠶᠠᠪᠤᠳᠠᠯ︾ ᠤᠨ | ᠬᠤᠯᠪᠤᠬᠳᠠᠯ ᠪᠦᠬᠦᠢ ᠵᠦᠢᠯᠡᠰ ᠢ ᠨᠡᠶᠢᠳᠬᠡᠵᠦ ᠡᠮᠬᠢᠯᠡᠨ ᠳᠢᠭᠯᠡᠵᠦ᠂ ᠰᠠᠯᠠᠭ᠎ᠠ ᠮᠥᠴᠢᠷ ᠤᠨ ᠬᠤᠷᠢᠭ᠎ᠠ ᠰᠠᠭᠠᠳ ᠢ | ᠡᠪᠳᠡᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠮᠠᠲ᠋ᠧᠷᠢᠶᠠᠯ ᠢ ᠴᠣᠮᠬᠠᠳᠬᠠᠠ᠂ ᠭᠤᠭᠴᠤᠭ᠎ᠠ | ᠪᠠ ᠴᠠᠭ ᠢ ᠪᠠᠭᠠᠰᠬᠠᠵᠦ᠂ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠬᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠰᠢᠨ᠎ᠡ ᠲᠡᠭᠳᠡᠷ ᠲᠤ ᠭᠠᠷᠭᠠᠪᠠ᠃ | |