︽ᠰᠢᠯᠢ ᠶᠢᠨ ᠨᠠᠭᠤᠷ ᠤᠨ ᠮᠥᠰᠥ ᠴᠠᠰᠤᠨ ᠤ ᠴᠤᠭᠯᠠᠭᠠᠨ︾ ᠬᠦᠰᠢᠭᠡ ᠪᠠᠨ ᠰᠡᠭᠦᠯ᠎ᠠ
ᠨᠡᠶᠢᠲᠡᠯᠡᠭᠰᠡᠨ ᠴᠠᠭ᠄
2025/1/9
     ᠰᠢᠯᠢ ᠶᠢᠨ ᠨᠠᠭᠤᠷ ᠤᠨ ᠬᠥᠪᠡᠭᠡᠨ ᠳᠤ ᠬᠤᠸᠠᠷ ᠫᠤᠤᠵᠢᠩ ᠤᠨ ᠦᠵᠡᠭᠦᠯᠭᠡ ᠬᠦᠭᠵᠢᠶᠡᠨᠲᠠᠢ ᠶᠠᠪᠤᠬᠳᠠᠵᠦ᠂ ᠲᠤᠬᠠᠢ ᠶᠢᠨ ᠲᠠᠯᠠᠪᠠᠢ ᠶᠢᠨ ᠬᠡᠳᠦᠨ ᠲᠦᠮᠡᠨ ᠦᠵᠡᠭᠴᠢᠳ ᠤᠨ ᠪᠠᠶᠠᠷᠯᠠᠨ ᠬᠠᠰᠬᠢᠷᠤᠯᠳᠤᠬᠤ ᠶᠢ ᠳᠠᠭᠠᠯᠳᠤᠨ᠂ ᠠᠶᠠᠯᠭᠤᠳᠦ ᠵᠢᠭᠤᠯᠴᠢᠯᠠᠯ ᠥᠪᠥᠷ ᠮᠣᠩᠭᠤᠯ᠂ ᠰᠢᠯᠢ ᠶᠢᠨ ᠬᠤᠲᠠ ᠪᠠᠷ ᠵᠢᠭᠤᠯᠴᠢᠯᠠᠶ᠎ᠠ ︽ᠰᠢᠯᠢ ᠶᠢᠨ ᠨᠠᠭᠤᠷ ᠤᠨ ᠮᠥᠰᠥ ᠴᠠᠰᠤᠨ ᠤ ᠴᠤᠭᠯᠠᠭᠠᠨ︾ ᠦᠪᠡᠳᠡᠭᠰᠢ ᠶᠡᠭᠡ ᠪᠠᠷ ᠬᠦᠰᠢᠭᠡ ᠪᠠᠨ ᠰᠡᠭᠦᠪᠡ᠃      ᠮᠦᠡᠭᠭᠦᠨ ᠴᠠᠭᠠᠨ ᠰᠢᠯᠢ ᠶᠢᠨ ᠨᠠᠭᠤᠷ ᠳᠡᠭᠡᠷ᠎ᠡ᠂ ᠲᠠᠯ᠎ᠠ ᠨᠤᠲᠤᠭ ᠤᠨ ᠥᠪᠡᠷᠮᠢᠴᠡ ᠣᠨᠴᠠᠯᠢᠭ ᠲᠠᠢ ᠲᠣᠮᠣ ᠬᠡᠯᠪᠡᠷᠢ ᠶᠢᠨ ᠮᠥᠰᠥᠨ ᠱᠤᠭᠤᠮᠠᠯ ᠴᠠᠰᠤᠨ ᠱᠤᠭᠤᠮᠠᠯ ᠤᠯᠠᠨ ᠤ ᠠᠩᠬᠠᠷᠤᠯ ᠢ ᠶᠡᠬᠡᠬᠡᠨ ᠲᠠᠲᠠᠵᠦ ᠪᠠᠶᠢᠯ᠎ᠠ᠃ ᠪᠤᠲᠠᠰ ᠤᠨ ᠪᠤᠰᠦ ᠰᠤᠶᠤᠯ ᠤᠨ ᠦᠪ ᠤᠨ ᠦᠵᠡᠬᠦᠯᠭᠡ᠂ ᠲᠦᠮᠡᠨ ᠬᠥᠮᠥᠨ ᠤ ᠪᠥᠵᠢᠭ ᠤᠨ ᠲᠤᠬᠯᠠᠯᠲᠠ ᠨᠢ ᠡᠪᠦᠯ ᠤᠨ ᠤᠯᠠᠷᠢᠯ ᠤᠨ ᠲᠠᠯ᠎ᠠ ᠨᠤᠲᠤᠭ ᠤᠨ ᠬᠡᠷᠡᠯᠳᠦ ᠰᠤᠪᠤᠳ ᠢ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠨ᠎ᠠ᠃ ᠲᠠᠯ᠎ᠠ ᠨᠤᠲᠤᠭ ᠤᠨ ᠣᠨᠴᠠᠯᠢᠭᠲᠤ ᠠᠮᠲᠠᠲᠤ ᠢᠳᠡᠭᠡᠨ ᠨᠢ ᠬᠥᠮᠥᠰ ᠤᠨ ᠳᠤᠷ᠎ᠠ ᠪᠠᠬ᠎ᠠ ᠶᠢ ᠲᠠᠲᠠᠵᠦ᠂ ᠬᠥᠷ ᠬᠥᠭᠵᠢᠶᠡᠡᠲᠦ ᠮᠥᠰᠥ ᠴᠠᠰᠤᠨ ᠤ ᠲᠣᠭᠯᠠᠯᠲᠠ ᠨᠢ ᠨᠠᠩ ᠴᠤ ᠬᠤᠲᠠ ᠶᠢᠨ ᠠᠷᠠᠳ ᠪᠣᠯᠣᠨ ᠵᠢᠭᠤᠯᠴᠢᠯᠠᠬᠰᠡᠳ ᠢ ᠪᠠᠶᠠᠰᠬᠠᠵᠤ᠂ ᠲᠠᠯ᠎ᠠ ᠨᠤᠲᠤᠭ ᠤᠨ ᠮᠥᠰᠥ ᠴᠠᠰᠤᠨ ᠤ ᠤᠯᠠᠷᠢᠯ ᠤᠨ ᠥᠪᠡᠷᠮᠢᠴᠡ ᠷᠢᠳᠢ ᠰᠢᠳᠢ ᠶᠢ ᠬᠠᠷᠠᠭᠤᠯᠵᠦ ᠪᠠᠶᠢᠯ᠎ᠠ᠃      ᠲᠤᠬᠠᠢ ᠶᠢᠨ ᠡᠳᠦᠷ᠂ ᠰᠢᠯᠢ ᠶᠢᠨ ᠬᠤᠲᠠ ᠶᠢᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠬᠤᠯᠪᠣᠭᠠᠲᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠴᠠᠰᠤᠨ ᠳᠡᠭᠡᠷᠡᠬᠢ ᠬᠠᠮᠲᠤᠷᠠᠭᠰᠠᠨ ᠮᠦᠷᠦᠶᠢᠴᠡᠭᠡᠨ ᠪᠠ ᠴᠠᠰᠤᠨ ᠳᠡᠭᠡᠷᠡᠬᠢ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ ᠣᠯᠠᠨ ᠵᠦᠢᠯ ᠤᠨ ᠤᠷᠤᠯᠳᠤᠭᠠᠨ ᠢ ᠵᠡᠷᠭᠡ ᠪᠠᠷ ᠡᠬᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠮᠦᠵᠢᠯ ᠪᠠ ᠬᠥᠭᠵᠢᠯᠲᠡ ᠶᠢ ᠣᠨᠴᠠᠭᠠᠶᠢᠯᠠᠨ ᠴᠢᠬᠤᠯᠠᠴᠢᠯᠠᠵᠤ᠂ ᠰᠢᠯᠢ ᠶᠢᠨ ᠬᠤᠲᠠ ᠶᠢᠨ ᠵᠠᠯᠠᠭᠤᠴᠤᠳ ᠪᠠᠭᠠᠴᠤᠳ ᠤᠨ ᠮᠥᠰᠥᠨ ᠪᠥᠮᠪᠦᠭᠡ᠂ ᠲᠦᠷᠭᠡᠨ ᠲᠡᠰᠢᠯᠲᠡ ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠵᠢᠩᠬᠢᠨᠢ ᠪᠠᠷ ᠪᠠᠶᠢᠭᠤᠯᠤᠭᠳᠠᠭᠰᠠᠨ ᠪᠥᠭᠡᠳ ᠠᠵᠢᠯᠯᠠᠭ᠎ᠠ ᠶᠢᠨ ᠬᠤᠭᠤᠴᠠᠭᠠᠨ ᠳᠤ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠯ ᠥᠷᠨᠢᠭᠦᠯᠵᠠᠢ᠃ᠲᠣᠰ ᠤᠳᠠᠭᠠᠨ ᠤ ᠠᠵᠢᠯᠯᠠᠭ᠎ᠠ ᠨᠢ 1 ᠰᠠᠷ᠎ᠠ ᠶᠢᠨ 5 ᠤ ᠡᠳᠦᠷ ᠠᠴᠠ 2 ᠰᠠᠷ᠎ᠠ ᠶᠢᠨ 28 ᠤ ᠡᠳᠦᠷ ᠪᠣᠯᠲᠠᠯ᠎ᠠ ᠰᠢᠯᠢ ᠶᠢᠨ ᠨᠠᠭᠤᠷ ᠲᠤ ᠶᠠᠪᠤᠭᠳᠠᠵᠤ᠂ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠤᠷᠤᠯᠳᠤᠭᠠᠨ᠂ ᠮᠥᠰᠥ ᠴᠠᠰᠤᠨ ᠤ ᠵᠤᠭ᠎ᠠ ᠴᠡᠩᠭᠡᠯ ᠤᠨ ᠪᠠᠶᠠᠴᠢᠯᠡᠨ ᠤᠶᠢᠯᠠᠭᠠᠬᠤ ᠲᠦᠷᠦᠯ ᠵᠦᠢᠯ᠂ ᠴᠠᠰᠤᠨ ᠱᠤᠭᠤᠮᠠᠯ ᠰᠤᠨᠢᠷᠬᠠᠬᠤ ᠪᠠ ᠣᠨᠴᠠᠯᠢᠭᠲᠤ ᠪᠠᠷᠠᠭ᠎ᠠ ᠬᠤᠳᠠᠯᠳᠤᠨ ᠠᠪᠬᠤ ᠵᠡᠷᠭᠡ ᠳᠥᠷᠪᠡᠨ ᠭᠤᠣᠯ ᠰᠡᠳᠦᠪ ᠢ ᠬᠠᠮᠤᠷᠴᠤ᠂ ᠠᠵᠢᠯᠯᠠᠭ᠎ᠠ ᠶᠢᠨ ᠲᠤᠭᠤᠷᠢᠭ ᠢ ᠲᠠᠮᠢᠷ ᠤᠨ ᠬᠥᠳᠡᠯᠭᠡᠭᠡᠨ ᠤ ᠲᠣᠭᠤᠷᠢᠭ ᠪᠠ ᠵᠤᠭ᠎ᠠ ᠴᠡᠩᠭᠡᠯ ᠤᠨ ᠲᠣᠭᠤᠷᠢᠭ ᠭᠡᠵᠦ ᠬᠤᠶᠠᠷ ᠲᠣᠮᠣ ᠬᠡᠰᠡᠭ ᠲᠤ ᠬᠤᠪᠢᠶᠠᠪᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠣᠭᠤᠷᠢᠭ ᠲᠤ ᠤᠷᠤᠯᠳᠤᠭᠠᠨ ᠤ ᠲᠦᠷᠦᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠭᠤᠣᠯᠯᠠᠨ ᠬᠢᠵᠦ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠬᠤᠯᠪᠣᠭᠠᠲᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠴᠠᠰᠤᠨ ᠳᠡᠭᠡᠷᠡᠬᠢ ᠬᠠᠮᠲᠤᠷᠠᠭᠰᠠᠨ ᠮᠦᠷᠦᠶᠢᠴᠡᠭᠡᠨ ᠵᠢᠴᠢ ᠴᠠᠰᠤᠨ ᠳᠡᠭᠡᠷᠡᠬᠢ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ ᠠᠯᠢ ᠤᠯᠠᠨ ᠭᠤᠶᠢᠳᠠ ᠰᠠᠶᠢᠬᠠᠨ ᠤᠷᠤᠯᠳᠤᠭᠠᠨ ᠢ ᠶᠠᠪᠤᠭᠳᠠᠭᠤᠯᠵᠤ᠂ ᠪᠠᠰᠠ 2024 — 2025 ᠮᠥᠰᠥᠨ ᠳᠡᠭᠡᠷᠡᠬᠢ ᠯᠤᠤᠲᠤ ᠣᠩᠭᠤᠴᠠ ᠶᠢᠨ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠤᠯᠠᠨ ᠤᠯᠤᠰ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠤᠰ ᠤᠨ ᠲᠡᠰ ᠤᠨ᠂ ᠤᠯᠠᠨ ᠤᠯᠤᠰ ᠤᠨ ᠲᠡᠰ ᠤᠨ ᠴᠢᠬᠤᠯᠠ ᠶᠡᠭᠡ ᠤᠷᠤᠯᠳᠤᠭᠠᠨ ᠢ ᠡᠷᠬᠢᠯᠡᠨ ᠶᠠᠪᠤᠭᠳᠠᠭᠤᠯᠤᠨ᠎ᠠ᠃ ᠵᠤᠭ᠎ᠠ ᠴᠡᠩᠭᠡᠯ ᠤᠨ ᠲᠣᠭᠤᠷᠢᠭ ᠲᠤ ᠰᠢᠯᠢ  ᠶᠢᠨ ᠳᠤᠷᠠᠳᠬᠠᠯ᠂ ᠠᠷᠪᠠᠨ ᠬᠤᠶᠠᠷ ᠵᠢᠯ ᠵᠡᠷᠭᠡ ᠬᠥᠮᠥᠰ ᠤᠨ ᠪᠠᠭ᠋ᠠᠷᠬᠠᠯ ᠢ ᠲᠠᠲᠠᠭᠰᠠᠨ ᠮᠥᠰᠥᠨ ᠱᠤᠭᠤᠮᠠᠯ ᠴᠠᠰᠤᠨ ᠱᠤᠭᠤᠮᠠᠯ ᠰᠤᠨᠢᠷᠬᠠᠬᠤ ᠴᠡᠭ ᠭᠠᠷᠭᠠᠬᠰᠠᠨ ᠤ ᠬᠠᠮᠲᠦ ᠮᠥᠰᠥ ᠴᠠᠰᠤᠨ ᠤ ᠪᠡᠶᠡᠴᠢᠯᠡᠨ ᠤᠶᠢᠯᠠᠭᠠᠬᠤ ᠲᠦᠷᠦᠯ ᠵᠦᠢᠯ ᠢ ᠲᠤᠬᠢᠷᠠᠭᠤᠯᠵᠠᠢ᠃      ᠰᠢᠯᠢ ᠶᠢᠨ ᠬᠤᠲᠠ ᠮᠥ᠋ᠰᠥ ᠴᠠᠰᠤᠨ ᠤ ᠥᠪᠡᠷᠮᠢᠴᠡ ᠡᠬᠢ ᠪᠠᠶᠠᠯᠢᠭ ᠲᠤ ᠲᠦᠰᠢᠭᠯᠡᠨ᠂ ᠮᠥᠰᠥ ᠴᠠᠰᠤᠨ ᠤ ᠵᠢᠭᠤᠯᠴᠢᠯᠠᠯ ᠪᠠ ᠤᠷᠤᠯᠳᠤᠭᠠᠨ ᠤ ᠠᠵᠢᠯᠯᠠᠭ᠎ᠠ ᠶᠢ ᠬᠥᠭᠵᠢᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠤᠷᠤᠨ ᠨᠤᠲᠤᠭ ᠤᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠲᠠᠰ ᠳᠡᠪᠰᠢᠬᠦ ᠶᠢ ᠠᠬᠢᠭᠤᠯᠤᠭᠰᠠᠨ ᠪᠠᠶᠢᠨ᠎ᠠ᠃ ︽ᠰᠢᠯᠢ ᠶᠢᠨ ᠨᠠᠭᠤᠷ ᠤᠨ ᠮᠥᠰᠥ ᠴᠠᠰᠤᠨ ᠤ ᠴᠤᠭᠯᠠᠭᠠᠨ︾ ᠨᠢ ︽ᠪᠦᠬᠦ ᠠᠷᠠᠳ ᠢᠶᠠᠷ ᠢᠶᠠᠨ ᠣᠷᠣᠯᠴᠠᠵᠤ᠂ ᠪᠦᠬᠦ ᠠᠷᠠᠳ ᠢᠶᠠᠷ ᠢᠶᠠᠨ ᠬᠠᠮᠲᠤ ᠪᠠᠷ ᠡᠳ᠋ᠯᠡᠬᠦ︾ ᠣᠶᠢᠯᠠᠭᠠᠭᠳᠠᠬᠤᠨ ᠢ ᠤᠯᠠᠮᠵᠢᠯᠠᠨ ᠪᠠᠳᠠᠷᠠᠭᠤᠯᠵᠦ᠂ ᠬᠤᠲᠠ ᠶᠢᠨ ᠠᠷᠠᠳ ᠪᠣᠯᠣᠨ ᠵᠢᠭᠤᠯᠴᠢᠯᠠᠬᠰᠡᠳ ᠲᠤ ᠰᠢᠯᠢ ᠶᠢᠨ ᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠭᠤᠶᠤᠮᠰᠤᠭ ᠰᠠᠶᠢᠬᠠᠨ ᠢ ᠭᠦᠢᠴᠡᠳ ᠣᠶᠢᠯᠠᠭᠠᠭᠤᠯᠵᠤ᠂ ᠴᠠᠭᠠᠨ ᠰᠠᠷ᠎ᠠ ᠪᠠᠨ ᠬᠠᠮᠲᠤ ᠪᠠᠷ ᠤᠬᠲᠤᠨ ᠪᠡᠯᠭᠡᠯᠡᠵᠦ᠂ ᠰᠢᠯᠢ ᠶᠢᠨ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠶᠢ ᠡᠭᠦᠳᠴᠡᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号