ᠰᠥᠨᠢᠳ ᠪᠠᠷᠠᠭᠤᠨ ᠬᠤᠰᠢᠭᠤ ᠵᠢᠭᠡᠯᠡᠯᠭᠡ ᠶᠢᠨ ᠬᠥᠥ ᠮᠥᠡᠭᠭᠦ ᠶᠢᠨ ᠨᠤᠷᠮ᠎ᠠ ᠶᠢ ᠪᠠᠭᠤᠷᠠᠭᠤᠯᠵᠥ ᠮᠠᠯᠴᠢᠳ ᠤᠨ ᠲᠠᠷᠤᠭᠠᠰᠤ ᠶᠢ ᠬᠥᠡᠭᠭᠡᠷᠡᠬᠦᠯᠵᠥ ᠪᠤᠢ
ᠨᠡᠶᠢᠲᠡᠯᠡᠭᠰᠡᠨ ᠴᠠᠭ᠄
2025/1/9
     ᠰᠥᠨᠢᠳ ᠪᠠᠷᠠᠭᠤᠨ ᠬᠤᠰᠢᠭᠤ ᠡᠨᠡ ᠵᠢᠯ ᠮᠠᠯ ᠤᠨ ᠥᠨ᠎ᠠ ᠬᠠᠨᠭ᠍ᠰᠢ ᠲᠤᠤᠷ᠎ᠠ ᠪᠠᠶᠢᠳᠠᠯ ᠳᠤ᠂ ᠤᠷᠤᠨ ᠨᠤᠲᠤᠭ ᠤᠨ ᠪᠠᠶᠢᠲᠠᠯ ᠳᠠᠭᠠᠨ ᠲᠤᠬᠢᠷᠠᠭᠰᠠᠨ ᠠᠷᠭ᠎ᠠ ᠪᠤᠲᠤᠯᠭ᠎ᠠ ᠬᠡᠷᠡᠭᠵᠢᠬᠦᠯᠵᠥ᠂ ᠪᠠᠩᠭᠢ ᠶᠢᠨ ᠵᠢᠭᠡᠯᠡᠯᠭᠡ ᠶᠢᠨ ᠬᠥᠥ ᠮᠥᠡᠭᠭᠦ ᠶᠢᠨ ᠨᠤᠷᠮ᠎ᠠ ᠶᠢ ᠪᠠᠭᠤᠷᠠᠭᠤᠯᠬᠤ ᠠᠷᠠᠳ ᠲᠤ ᠠᠰᠢᠭ ᠬᠥᠷᠲᠡᠭᠡᠬᠦ ᠠᠷᠭ᠎ᠠ ᠬᠡᠮᠵᠢᠶ᠎ᠠ ᠠᠪᠴᠥ᠂ ᠶᠠᠲᠠᠭᠤ ᠠᠴᠠ ᠠᠩᠭᠢᠵᠢᠷᠠᠭᠰᠠᠨ ᠡᠷᠥᠭᠡ ᠶᠢ ᠲᠤᠰᠠᠯᠠᠨ ᠲᠡᠮᠵᠢᠵᠤ᠂ ᠮᠠᠯᠴᠢᠳ ᠤᠨ ᠲᠠᠷᠤᠭᠠᠰᠤ ᠶᠢ ᠬᠥᠡᠭᠭᠡᠷᠡᠬᠦᠯᠵᠥ ᠪᠠᠶᠢᠨ᠎ᠠ᠃      ᠲᠤᠰ ᠬᠤᠰᠢᠭᠤᠨ ᠤ ᠥᠷᠭᠡᠨᠲᠠᠯ᠎ᠠ ᠪᠠᠯᠭᠠᠰᠤ ᠶᠢᠨ ᠪᠠᠶᠠᠨᠴᠢᠯᠠᠭᠤ ᠭᠠᠴᠠᠭᠠᠨ ᠤ ᠮᠠᠯᠴᠢᠨ ᠶᠢᠨ ᠵᠢᠩ ᠲᠥᠷᠥᠬᠦᠥ ᠬᠡᠲᠥᠨ ᠡᠲᠥᠷ 10 ᠲᠤᠨ ᠡᠪᠡᠰᠥ ᠬᠤᠲᠠᠯᠲᠤᠨ ᠠᠪᠴᠥ᠂ ᠬᠡᠲᠥᠨ ᠡᠲᠥᠷ ᠤᠨ ᠲᠠᠷᠠᠭ᠎ᠠ ᠪᠠᠰᠠ 8 ᠲᠤᠨ ᠲᠡᠵᠢᠭᠡᠯ ᠪᠤᠷᠲᠤᠭ᠎ᠠ ᠤᠷᠤᠭᠤᠯᠬᠤ ᠪᠠᠷ ᠲᠥᠯᠥᠪᠯᠡᠵᠥ ᠪᠠᠶᠢᠯ᠎ᠠ᠃ ᠪᠠᠩᠭᠢ ᠶᠢᠨ ᠵᠢᠭᠡᠯᠡᠯᠭᠡ ᠶᠢᠨ ᠬᠥᠥ ᠮᠥᠡᠭᠭᠦ ᠶᠢ ᠪᠠᠭᠤᠷᠠᠭᠤᠯᠬᠤ ᠲᠥᠷᠥ ᠶᠢᠨ ᠪᠤᠲᠤᠯᠭ᠎ᠠ ᠶᠢᠨ ᠠᠰᠢᠭ ᠬᠥᠷᠲᠡᠭᠰᠡᠨ ᠡᠲᠡᠨᠡᠶᠢᠬᠢᠨ ᠲᠥᠯ ᠮᠠᠯ ᠤᠨ ᠢᠶᠠᠨ ᠡᠪᠡᠰᠥ ᠪᠤᠷᠲᠤᠭ᠎ᠠ ᠶᠢ ᠪᠡᠯᠡᠳᠭᠡᠬᠦ ᠬᠥᠷᠥᠯᠴᠡᠭᠡᠲᠠᠢ ᠮᠥᠡᠭᠭᠦ ᠶᠢ ᠠᠷᠪᠢᠯᠠᠵᠥ ᠴᠢᠲᠠᠭᠰᠠᠨ ᠳᠠᠭᠠᠨ ᠮᠠᠰᠢ ᠪᠠᠶᠠᠷᠲᠠᠢ ᠪᠠᠶᠢᠪᠠ᠃ ᠶᠢᠨ ᠵᠢᠩ ᠤᠨ ᠬᠢᠨ ᠤᠤᠯ ᠳᠠᠭᠠᠨ ᠤᠯᠠᠷᠢᠯ ᠪᠥᠷᠢ 7000 — 8000 ᠲᠥᠭᠦᠷᠢᠭ ᠤᠨ ᠵᠢᠭᠡᠯᠡᠯᠭᠡ ᠶᠢᠨ ᠬᠥᠥ ᠮᠥᠡᠭᠭᠦ ᠪᠤᠴᠠᠭᠠᠵᠥ ᠪᠠᠶᠢᠭᠰᠠᠨ ᠪᠤᠯ ᠬᠥᠥ ᠮᠥᠡᠭᠭᠦᠨ ᠤ ᠨᠤᠷᠮ᠎ᠠ ᠶᠢ ᠪᠠᠭᠤᠷᠠᠭᠤᠯᠬᠤ ᠲᠥᠷᠥ ᠶᠢᠨ ᠪᠤᠲᠤᠯᠭ᠎ᠠ ᠶᠢ ᠬᠡᠷᠡᠭᠵᠢᠬᠦᠯᠥᠭᠰᠡᠨ ᠤ ᠲᠠᠷᠠᠭ᠎ᠠ ᠤᠲᠤ ᠤᠯᠠᠷᠢᠯ ᠪᠤᠯᠭᠠᠨ ᠵᠥᠪᠭᠡᠨ 3000 ᠭᠠᠷᠤᠢ ᠲᠥᠭᠦᠷᠢᠭ ᠤᠨ ᠵᠢᠭᠡᠯᠡᠯᠭᠡ ᠶᠢᠨ ᠬᠥᠥ ᠮᠥᠡᠭᠭᠦ ᠪᠤᠴᠠᠭᠠᠵᠥ᠂ ᠨᠢᠭᠡ ᠵᠢᠯ ᠳᠤ ᠤᠤᠯ ᠤᠨ ᠬᠢ ᠠᠴᠠ ᠪᠠᠨ ᠪᠠᠷᠤᠭ 2 ᠲᠥᠮᠡᠨ ᠲᠥᠭᠦᠷᠢᠭ ᠲᠤᠲᠠᠭᠤ ᠲᠥᠯᠥᠬᠦ ᠪᠤᠯᠤᠭᠰᠠᠨ ᠨᠢ ᠠᠮᠢᠲᠤᠷᠠᠯ ᠤᠨ ᠲᠠᠷᠤᠭᠠᠰᠤ ᠶᠢ ᠨᠢ ᠪᠠᠭ᠎ᠠ ᠪᠤᠰᠤ ᠬᠥᠡᠭᠭᠡᠷᠡᠬᠦᠯᠵᠡᠢ᠃ ᠥᠷᠭᠡᠨᠲᠡᠯ᠎ᠠ ᠪᠠᠯᠭᠠᠰᠤ ᠶᠢᠨ ᠴᠠᠩᠲᠤᠰᠢᠯᠢ ᠭᠠᠴᠠᠭᠠᠨ ᠤ ᠮᠠᠯᠴᠢᠨ ᠵᠠᠩ ᠰᠢᠶᠠᠨ ᠬᠤᠸᠠ ᠮᠥᠨ ᠵᠢᠭᠡᠯᠡᠯᠭᠡ ᠶᠢᠨ ᠬᠥᠥ ᠮᠥᠡᠭᠭᠦᠨ ᠤ ᠨᠤᠷᠮ᠎ᠠ ᠶᠢ ᠪᠠᠭᠤᠷᠠᠭᠤᠯᠬᠤ ᠲᠥᠷᠥ ᠶᠢᠨ ᠪᠤᠲᠤᠯᠭ᠎ᠠ ᠶᠢᠨ ᠠᠰᠢᠭ ᠬᠥᠷᠲᠡᠵᠥ᠂ ᠵᠢᠯ ᠳᠤ 1 ᠲᠥᠮᠡ 6000 ᠲᠥᠭᠦᠷᠢᠭ ᠠᠷᠪᠢᠯᠠᠵᠥ᠂ ᠪᠠᠩᠭᠢ ᠶᠢᠨ ᠬᠥᠥ ᠮᠥᠡᠭᠭᠦ ᠪᠤᠴᠠᠭᠠᠬᠤ ᠲᠠᠷᠤᠭᠠᠰᠤ ᠨᠢ ᠪᠠᠭᠠᠰᠴᠥ᠂ ᠠᠮᠢᠲᠤᠷᠠᠯ ᠨᠢ ᠤᠯᠠᠮ ᠢᠶᠠᠷ ᠰᠠᠶᠢᠵᠢᠷᠠᠵᠥ ᠪᠠᠶᠢᠨ᠎ᠠ᠃      ᠤᠶᠢᠯᠠᠭᠠᠭᠰᠠᠨ ᠢᠶᠠᠷ᠂ ᠲᠤᠰ ᠬᠤᠰᠢᠭᠤ ᠵᠢᠭᠡᠯᠡᠯᠭᠡ ᠶᠢᠨ ᠬᠥᠥ ᠮᠥᠡᠭᠭᠦ ᠶᠢᠨ ᠨᠤᠷᠮ᠎ᠠ ᠶᠢ ᠪᠠᠭᠤᠷᠠᠭᠤᠯᠬᠤ ᠲᠥᠷᠥ ᠶᠢᠨ ᠪᠤᠲᠤᠯᠭ᠎ᠠ ᠶᠢ ᠬᠡᠷᠡᠭᠵᠢᠬᠦᠯᠥᠭᠰᠡᠨ ᠤ ᠲᠠᠷᠠᠭ᠎ᠠ ᠰᠤᠮᠤᠨ ᠤ ᠤᠲᠤᠷᠢᠳᠬᠤ ᠪᠠᠭ᠂ ᠺᠠᠳ᠋ᠷ ᠠᠵᠢᠯᠲᠠᠨ᠂ ᠭᠠᠴᠠᠭᠠᠨ ᠤ ᠨᠠᠮ ᠤᠨ ᠡᠬᠦᠷ ᠪᠠ ᠠᠷᠠᠳ ᠤᠨ ᠵᠥᠪᠯᠡᠯ ᠵᠢᠴᠢ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠤᠬᠢᠶᠠᠨ ᠪᠠᠶᠢᠭᠤᠯᠤᠨ ᠮᠠᠯᠵᠢᠬᠤ ᠤᠷᠤᠨ ᠳᠤ ᠬᠥᠨᠵᠡᠭᠡᠶᠢᠷᠡᠵᠥ᠂ ᠬᠥᠥ ᠮᠥᠡᠭᠭᠦ ᠶᠢ ᠪᠠᠭᠤᠷᠠᠭᠤᠯᠬᠤ ᠬᠥᠰᠡᠯ ᠲᠠᠢ ᠡᠷᠥᠭᠡ ᠶᠢᠨ ᠪᠠᠶᠢᠲᠠᠯ ᠢ ᠤᠶᠢᠯᠠᠭᠠᠵᠥ ᠪᠥᠷᠢᠳᠭᠡᠨ᠂ ᠶᠠᠲᠠᠭᠤ ᠠᠴᠠ ᠠᠩᠭᠢᠵᠢᠷᠠᠭᠰᠠᠨ ᠡᠷᠥᠭᠡ ᠳᠤ ᠬᠥᠥ ᠮᠥᠡᠭᠭᠦ ᠶᠢ ᠪᠠᠭᠤᠷᠠᠭᠤᠯᠬᠤ ᠲᠥᠷᠥ ᠶᠢᠨ ᠪᠤᠲᠤᠯᠭ᠎ᠠ ᠪᠠ ᠬᠥᠢᠴᠡᠳᠭᠡᠬᠦ ᠶᠠᠪᠤᠴᠠ ᠶᠢ ᠢᠲᠡᠪᠬᠢᠲᠡᠢ ᠤᠠᠬᠭᠤᠯᠵᠥ᠂ ᠨᠥᠬᠦᠴᠡᠯ ᠳᠤ ᠨᠡᠶᠢᠴᠡᠭᠰᠡᠨ ᠮᠠᠯᠵᠢᠬᠤ ᠡᠷᠥᠭᠡ ᠨᠢᠭᠡᠪᠤᠷᠢ ᠳᠤ ︽ᠮᠥᠡᠭᠭᠦᠨ ᠬᠥᠢᠯᠭᠡᠭᠡ ᠪᠠᠷ ᠬᠠᠪᠰᠤᠷᠤᠨ ᠲᠡᠳᠬᠦᠬᠦ︾ ᠬᠠᠷᠠᠭᠠᠯᠵᠠᠯ ᠤᠨ ᠲᠥᠷᠥ ᠶᠢᠨ ᠪᠤᠲᠤᠯᠭ᠎ᠠ ᠶᠢᠨ ᠠᠰᠢᠭ ᠲᠤᠰᠠ ᠶᠢ ᠥᠨᠡᠨᠬᠦ ᠬᠥᠷᠲᠡᠭᠡᠵᠥ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号