︽ᠠᠶᠠᠯᠭᠤᠳᠦ ᠵᠢᠭᠤᠯᠴᠢᠯᠠᠯ ᠥᠪᠥᠷ ᠮᠣᠩᠭᠤᠯ᠂ ᠮᠥᠰᠥ ᠴᠠᠰᠤᠨ ᠤ ᠤᠯᠠᠷᠢᠯ︾ ᠬᠤᠯᠠᠨ ᠰᠢᠷᠭ᠎ᠠ | ᠳᠠᠭ᠎ᠠ ᠶᠢᠨ ᠡᠯᠡᠰᠦᠷᠭᠡᠭ ᠭᠠᠵᠠᠷ ᠢ ᠲᠤᠭᠤᠯᠬᠤ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠶᠠᠪᠤᠬᠳᠠᠵᠥ᠂ ᠪᠦᠬᠦ | ᠤᠯᠤᠰ ᠤᠨ ᠡᠯ᠎ᠡ ᠭᠠᠵᠠᠷ ᠤᠨ 1 ᠲᠦᠮᠡ ᠭᠠᠷᠦᠢ ᠵᠢᠭᠤᠯᠴᠢᠯᠬᠠᠴᠢ ᠶᠢ ᠲᠠᠳᠠᠨ᠂ 3000 ᠭᠠᠷᠤᠢ ᠤᠷᠤᠯᠳᠤᠭᠠᠨ ᠤ | ᠲᠡᠷᠭᠡ ᠪᠣᠯᠣᠨ ᠦᠪᠡᠷ ᠢᠶᠠᠨ ᠮᠠᠰᠢᠨ ᠪᠠᠷᠢᠵᠦ ᠵᠢᠭᠤᠯᠴᠢᠯᠠᠬᠤ ᠲᠡᠷᠭᠡ ᠤᠷᠤᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠬᠢᠨ ︽ᠨᠠᠶᠢᠷ︾ | ᠬᠠᠮᠳᠤᠯᠢᠭ ᠲᠠᠢ ᠬᠠᠮᠳᠤᠷᠠᠨ ᠭᠤᠶᠢᠳᠠ ᠰᠠᠶᠢᠬᠠᠨ ᠲᠤᠬᠯᠠᠯᠳᠠ ᠭᠠᠷᠭᠠᠵᠦ᠂ ᠲᠣᠭᠤᠷᠢᠨ ᠵᠢᠭᠤᠯᠴᠢᠯᠠᠬᠤ | ᠵᠢᠭᠰᠠᠭᠠᠯ ᠤᠨ ᠠᠩᠭᠢ᠂ ᠲᠥᠯᠥᠭᠡᠯᠡᠭᠴᠢᠳ ᠤᠨ ᠠᠩᠭᠢ᠂ ᠬᠡᠭᠡᠷ᠎ᠡ ᠶᠢᠨ ᠮᠠᠰᠢᠨ ᠲᠡᠷᠭᠡᠨ ᠤ ᠠᠩᠭᠢ ᠵᠢᠴᠢ | ᠬᠤᠪᠴᠠᠰᠤ ᠵᠠᠰᠠᠯ ᠤᠨ ᠦᠵᠡᠭᠦᠯᠭᠡ ᠶᠢᠨ ᠠᠩᠭᠢ ᠶᠢᠨ ᠬᠢᠨ ᠬᠠᠮᠲᠤ ᠪᠠᠷ ᠤᠷᠠᠨ ᠰᠠᠶᠢᠬᠠᠨ ᠤ ᠲᠣᠭᠯᠠᠯᠲᠠ | ᠭᠠᠷᠭᠠᠵᠠᠢ᠃ ᠠᠵᠢᠯᠯᠠᠭ᠎ᠠ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠦᠬᠡᠷ ᠤᠨ ᠮᠢᠬᠠᠨ ᠤ ᠠᠮᠲᠠᠲᠤ | ᠢᠳᠡᠭᠡᠨ ᠤ ᠨᠠᠶᠢᠷ᠂ ᠱᠠᠩᠳᠦ ᠨᠠᠭᠤᠷ ᠢ ᠲᠤᠭᠤᠷᠢᠬᠤ ᠲᠡᠮᠡᠭᠡᠨ ᠤ ᠰᠢᠨᠳᠠᠰᠦ ᠰᠢᠯᠭᠠᠬᠤ ᠤᠷᠤᠯᠳᠤᠭᠠᠨ᠂ ᠭᠠᠨᠭ᠍ᠭᠠᠡᠭ | ᠲᠡᠮᠡᠭᠡ ᠰᠢᠯᠭᠠᠷᠠᠭᠤᠯᠬᠤ ᠤᠷᠤᠯᠳᠤᠭᠠᠨ ᠢᠶᠠᠷ ᠮᠥᠰᠥ ᠴᠠᠰᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠢ | ᠭᠦᠨᠵᠡᠭᠡᠢ ᠠᠭᠤᠰᠤᠯᠴᠠᠭᠤᠯᠤᠨ᠂ ᠪᠠᠶᠠᠷ ᠪᠠᠶᠠᠰᠤᠯᠳᠦ ᠡᠪᠦᠯ ᠤᠨ ᠵᠢᠭᠤᠯᠴᠢᠯᠠᠯ ᠤᠨ ᠠᠭᠤᠷ ᠠᠮᠢᠰᠬᠤᠯ ᠢ ᠪᠤᠢ | ᠪᠣᠯᠭᠠᠪᠠ᠃ | ᠲᠤᠰ ᠤᠳᠠᠭ᠎ᠠ ᠶᠢᠨ ᠤᠷᠤᠯᠳᠤᠭᠠᠨ ᠢ ᠬᠤᠯᠠᠨ ᠰᠢᠷᠭ᠎ᠠ ᠳᠠᠭ᠎ᠠ ᠶᠢᠨ ᠦᠷᠦᠴᠡ ᠭᠠᠵᠠᠷ ᠲᠤ ᠶᠠᠪᠤᠭᠳᠠᠭᠤᠯᠵᠦ᠂ | ᠬᠡᠭᠡᠷᠡᠯᠡᠨ ᠠᠶᠠᠯᠠᠬᠤ ᠬᠥᠮᠥᠰ ᠤᠨ ᠮᠠᠰᠢ ᠪᠠᠭ᠋ᠠᠷᠬᠠᠳᠠᠭ ᠲᠤᠬᠯᠠᠭᠠᠮ ᠤᠨ ᠠᠷᠭ᠎ᠠ ᠶᠢ ᠨᠡᠭᠡᠭᠡᠨ ᠬᠥᠭᠵᠢᠭᠦᠯᠵᠦ᠂ | ᠡᠯᠪᠡᠭ ᠪᠠᠶᠠᠯᠢᠭ ᠤᠷᠤᠯᠳᠤᠭᠠᠨ ᠢ ᠲᠣᠬᠢᠷᠠᠭᠤᠯᠵᠠᠢ᠃ | ᠲᠣᠰ ᠤᠳᠠᠭᠠᠨ ᠤ ᠠᠵᠢᠯᠯᠠᠭ᠎ᠠ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠰᠡᠶᠢᠷᠡᠭ ᠣᠶ᠂ | ᠨᠠᠭᠤᠷ ᠴᠥᠭᠦᠷᠥᠮ ᠵᠡᠷᠭᠡ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ | ᠠᠰᠢᠭᠯᠠᠵᠤ᠂ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠦᠵᠡᠮᠵᠢ ᠪᠠ ᠮᠥᠰᠥ ᠴᠠᠰᠤᠨ ᠤ ᠲᠠᠩᠰᠤᠭ | ᠰᠠᠶᠢᠬᠠᠨ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠵᠤ᠂ ᠪᠥᠬᠦ ᠤᠯᠤᠰ ᠤᠨ ᠡᠯ᠎ᠡ ᠭᠠᠵᠠᠷ ᠤᠨ | ᠵᠢᠭᠤᠯᠴᠢᠯᠠᠬᠰᠠᠳ ᠤᠨ ᠰᠣᠨᠢᠷᠬᠠᠯ ᠢ ᠲᠠᠳᠠᠵᠠᠢ᠃ ᠰᠢᠯᠤᠭᠤᠨ ᠬᠥᠬᠡ ᠬᠤᠰᠢᠭᠤᠨ ᠤ ᠳᠡᠳ᠋ ᠳᠠᠷᠤᠭ᠎ᠠ ᠴᠡᠩᠭᠡᠯ | ᠢᠯᠡᠷᠬᠡᠶᠢᠯᠡᠬᠦ ᠳᠡᠭᠡᠨ᠄ ︽ᠪᠢᠳᠡ ᠭᠤᠣᠯᠳᠠᠭᠤ ᠪᠥᠬᠦ ᠬᠤᠰᠢᠭᠤᠨ ᠤ ᠡᠯᠪᠡᠭ ᠪᠠᠶᠠᠯᠢᠭ ᠮᠥᠰᠥ ᠴᠠᠰᠤᠨ ᠤ | ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠬᠯᠠᠨ᠂ ︿ᠮᠥᠰᠥ ᠴᠠᠰᠤ + ᠵᠢᠭᠤᠯᠴᠢᠯᠠᠯ + | ᠰᠣᠶᠣᠯ + ᠬᠤᠳᠠᠯᠳᠤᠭ᠎ᠠ﹀ ᠶᠢᠨ ᠵᠠᠬᠪᠤᠷ ᠢ ᠬᠡᠷᠡᠭᠵᠢᠭᠦᠯᠵᠦ᠂ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠥᠭᠵᠢᠯᠲᠡ ᠶᠢ ᠤᠯᠠᠮ ᠠᠬᠢᠭᠤᠯᠵᠦ ᠪᠠᠶᠢᠨ᠎ᠠ︾ ᠭᠡᠪᠡ᠃ |