ᠰᠢᠯᠢ ᠶᠢᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠰᠤᠯᠠ ᠠᠵᠢᠯ ᠤᠨ ᠵᠠᠬ᠎ᠠ | ᠳᠡᠯᠭᠡᠭᠦᠷ ᠲᠤ ᠰᠤᠯᠠ ᠠᠵᠢᠯ ᠡᠷᠢᠭᠰᠡᠳ ᠤᠯᠠᠰᠢᠷᠠᠵᠦ᠂ ᠶᠡᠭᠡ ᠲᠢᠩᠬᠢᠮ ᠤᠨ LED ᠳᠡᠯᠭᠡᠴᠡᠡ ᠳᠡᠭᠡᠷ᠎ᠡ | ᠨᠠᠪᠲᠠᠷᠡᠭᠦᠯᠵᠦ ᠪᠠᠶᠢᠭ᠎ᠠ ᠠᠵᠢᠯᠴᠢᠨ ᠡᠯᠰᠡᠬᠦ ᠮᠡᠳᠡᠭᠡ ᠵᠠᠩᠭᠢ ᠳᠤ ᠠᠩᠬᠠᠷᠤᠯ ᠲᠠᠯᠪᠢᠵᠠᠭᠠᠨᠠ ᠁ ᠰᠤᠯᠠ | ᠠᠵᠢᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠨᠢ ᠤᠯᠠᠮ ᠠᠴᠠ ᠤᠯᠠᠮ ᠣᠯᠠᠨ ᠰᠤᠯᠠ ᠠᠵᠢᠯ ᠡᠷᠢᠭᠰᠡᠳ ᠲᠤ | ᠳᠥᠭᠦᠮ ᠳᠥᠲᠡ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠰᠤᠯᠠ ᠠᠵᠢᠯ ᠡᠷᠢᠭᠰᠡᠳ ᠲᠤ ᠥᠨᠳᠥᠷ ᠪᠦᠲᠦᠮᠵᠢᠲᠡᠶ ᠳᠥᠭᠦᠮ ᠳᠥᠲᠡ ᠠᠵᠢᠯ | ᠣᠯᠭᠤᠯᠲᠠ ᠶᠢᠨ ᠦᠢᠯᠡᠴᠢᠯᠡᠭᠡ ᠬᠠᠩᠭᠠᠬᠤ ᠶᠢᠨ ᠲᠦᠯᠦᠭᠡ᠂ ᠰᠢᠯᠢ ᠶᠢᠨ ᠬᠤᠲᠠ ᠶᠢᠨ ᠬᠢᠨ ᠰᠤᠯᠠ ᠠᠵᠢᠯ ᠤᠨ | ᠵᠠᠬ᠎ᠠ ᠳᠡᠯᠭᠡᠭᠦᠷ ᠢ 2024 ᠣᠨ ᠤ 5 ᠰᠠᠷ᠎ᠠ ᠳᠤ ᠥᠭᠡᠷᠡᠴᠢᠯᠡᠨ ᠰᠠᠶᠢᠵᠢᠷᠠᠭᠤᠯᠤᠭᠰᠠᠨ ᠤ ᠳᠠᠷᠠᠭ᠎ᠠ᠂ ᠵᠠᠬ᠎ᠠ | ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠤᠨᠤᠭ | ᠲᠥᠬᠦᠭᠡᠷᠦᠮᠵᠢ ᠶᠢ ᠵᠡᠷᠭᠡ ᠪᠠᠷ ᠲᠠᠰ ᠳᠡᠪᠰᠢᠭᠦᠯᠦᠨ᠂ ᠬᠢᠮᠳᠠ ᠦᠨ᠎ᠡ ᠶᠢᠨ ᠬᠤᠭᠤᠯᠠᠨ ᠭᠡᠷ᠂ ᠪᠣᠯᠪᠠᠰᠤᠷᠠᠯ ᠤᠨ | ᠲᠠᠰᠤᠭ᠂ ᠰᠤᠯᠠ ᠠᠵᠢᠯ ᠤᠨ ᠮᠡᠳᠡᠭᠡ ᠵᠠᠩᠭᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠵᠡᠷᠭᠡ ᠴᠢᠳᠠᠮᠵᠢᠲᠦ | ᠲᠤᠭᠤᠷᠢᠭ ᠢ ᠨᠡᠮᠡᠠ ᠪᠠᠶᠢᠭᠤᠯᠵᠦ᠂ ᠭᠤᠣᠯᠳᠠᠭᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ᠂ ᠠᠵᠢᠯ ᠤᠨ | ᠪᠠᠶᠢᠷᠢ ᠶᠢ ᠵᠣᠬᠢᠴᠠᠭᠤᠯᠬᠤ᠂ ᠢᠵᠢ ᠪᠦᠷᠢᠳᠦᠭᠦᠯᠬᠦ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠭᠠᠷᠳᠠᠵᠤ᠂ | ᠰᠤᠯᠠ ᠠᠵᠢᠯ ᠡᠷᠢᠭᠰᠡᠳ ᠲᠤ ᠲᠦᠷᠭᠡᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠤᠯᠪᠠ᠃ | ᠰᠤᠯᠠ ᠠᠵᠢᠯ ᠡᠷᠢᠭᠰᠡᠳ ᠤᠨ ᠮᠡᠳᠡᠭᠡ ᠵᠠᠩᠭᠢ ᠤᠯᠬᠤ ᠠᠷᠭ᠎ᠠ ᠵᠠᠮ ᠨᠢ ᠳᠠᠩ ᠴᠤᠯᠭᠤᠢ᠂ ᠠᠵᠢᠯ ᠤᠨ | ᠪᠠᠲᠤᠯᠠᠭ᠎ᠠ ᠨᠡᠯᠢᠶᠡᠳ ᠳᠣᠣᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠰᠢᠯᠢ ᠶᠢᠨ ᠬᠤᠲᠠ ᠶᠢᠨ ᠰᠤᠯᠠ ᠠᠵᠢᠯ ᠤᠨ | ᠵᠠᠬ᠎ᠠ ᠳᠡᠯᠭᠡᠭᠦᠷ ᠨᠢ ᠪᠦᠬᠦ ᠬᠤᠳᠠ ᠶᠢᠨ 310 ᠨᠡᠶᠢᠭᠡᠮ ᠲᠣᠭᠤᠷᠢᠭ ᠤᠨ ᠸᠢᠴᠠᠲ ᠬᠤᠯᠪᠤᠭᠠᠨ ᠳᠤ ᠲᠤᠰᠬᠠᠢ | ᠠᠵᠢᠯᠲᠠᠨ ᠲᠤᠬᠢᠷᠠᠭᠤᠯᠵᠦ᠂ ᠠᠵᠢᠯᠴᠢᠨ ᠬᠡᠷᠡᠭᠯᠡᠬᠦ ᠬᠡᠷᠡᠭᠴᠡᠭᠡ ᠪᠣᠯᠣᠨ ᠰᠤᠯᠠ ᠠᠵᠢᠯ ᠤᠨ ᠮᠡᠳᠡᠭᠡ ᠵᠠᠩᠭᠢ ᠶᠢ | ᠴᠤᠭᠯᠠᠭᠤᠯᠪᠠ᠃ ᠡᠭᠦᠨ ᠤ ᠵᠡᠷᠭᠡ ᠳᠤ ᠬᠥᠯᠥᠰᠦᠯᠡᠭᠴᠢ ᠪᠠ ᠰᠤᠯᠠ ᠠᠵᠢᠯ ᠡᠷᠢᠭᠰᠡᠳ ᠲᠤ ᠴᠢᠭᠯᠡᠭᠦᠯᠦᠨ ᠮᠡᠳᠡᠭᠡ | ᠵᠠᠩᠭᠢ ᠳᠠᠩᠰᠠᠯᠠᠬᠤ ᠠᠷᠭ᠎ᠠ ᠵᠠᠮ ᠢ ᠨᠡᠭᠡᠭᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠰᠤᠯᠠ ᠠᠵᠢᠯ ᠤᠨ ᠵᠠᠬ᠎ᠠ | ᠳᠡᠯᠭᠡᠭᠦᠷ ᠤᠨ LED ᠳᠡᠯᠭᠡᠴᠡᠡ ᠳᠤ ᠨᠠᠪᠲᠠᠷᠡᠭᠦᠯᠵᠦ᠂ ᠰᠤᠯᠠ ᠠᠵᠢᠯ ᠤᠨ 15 ᠸᠢᠴᠠᠲ ᠬᠤᠯᠪᠤᠭᠠᠨ ᠳᠤ ᠴᠠᠭ | ᠲᠤᠬᠠᠢ ᠳᠤᠨᠢ ᠨᠡᠶᠢᠲᠡᠯᠡᠬᠦ ᠶᠢᠨ ᠬᠠᠮᠲᠤ ᠸᠢᠴᠠᠲ ᠤᠨ ᠤᠯᠠᠨ ᠨᠡᠶᠢᠲᠡ ᠶᠢᠨ ᠳ᠋ᠤᠭᠠᠷ᠂ ᠴᠤᠤᠷᠢᠶ᠎ᠠ᠂ ᠪᠤᠰᠢᠭᠤ ᠭᠠᠷ | ᠵᠡᠷᠭᠡ ᠲᠠᠪᠴᠠᠩ ᠳᠤ ᠨᠡᠶᠢᠲᠡᠯᠡᠵᠦ᠂ ᠰᠤᠯᠠ ᠠᠵᠢᠯ ᠡᠷᠢᠭᠰᠡᠳ ᠤᠨ ᠠᠵᠢᠯᠴᠢᠨ ᠭᠡᠷᠡᠭᠯᠡᠬᠦ ᠮᠡᠳᠡᠭᠡ ᠵᠠᠩᠭᠢ ᠶᠢ ᠴᠠᠭ | ᠲᠤᠬᠠᠢ ᠳᠤᠨᠢ ᠪᠦᠲᠦᠮᠵᠢᠲᠡᠶ ᠣᠯᠬᠤ ᠳᠤ ᠲᠥᠬᠦᠮ ᠦᠵᠡᠭᠦᠯᠪᠡ᠃ | ᠰᠤᠯᠠ ᠠᠵᠢᠯ ᠤᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠨᠠᠷᠠᠰᠤ ᠰᠤᠷᠪᠤᠯᠵᠢᠯᠠᠭᠴᠢ ᠳᠤ᠄ ︽ᠪᠢᠳᠡ | ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠴᠤᠭᠯᠠᠭᠤᠯᠵᠦ ᠤᠯᠤᠬᠰᠠᠨ ᠤ ᠳᠠᠷᠠᠭ᠎ᠠ᠂ ᠮᠠᠨ ᠤ ᠠᠵᠢᠯᠲᠠᠳ ᠠᠴᠠ ᠡᠳᠦᠷ | ᠪᠦᠷᠢ ᠪᠠᠶᠢᠳᠠᠯ ᠢ ᠤᠶᠢᠯᠠᠭᠠᠵᠦ᠂ ᠬᠤᠭᠤᠰᠤᠨ ᠲᠠᠯᠪᠢᠬᠳᠠᠵᠦ ᠪᠠᠶᠢᠭ᠎ᠠ ᠠᠵᠢᠯ ᠤᠨ ᠪᠠᠶᠢᠷᠢ ᠶᠢᠨ ᠠᠵᠢᠯᠴᠢᠨ ᠬᠡᠷᠡᠭᠯᠡᠬᠦ | ᠮᠡᠳᠡᠭᠡ ᠵᠠᠩᠭᠢ ᠶᠢ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠪᠠ ᠸᠢᠳᠢᠣ᠋ ᠳ᠋ᠤᠭᠠᠷ ᠢᠶᠠᠷ ᠳᠠᠮᠵᠢᠭᠤᠯᠤᠨ ᠣᠯᠠᠨ | ᠤᠳᠠᠭ᠎ᠠ ᠨᠡᠶᠢᠲᠡᠯᠡᠳᠡᠭ︾ ᠭᠡᠵᠦ ᠶᠠᠷᠢᠵᠦ ᠪᠠᠶᠢᠯ᠎ᠠ᠃ | ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠳᠠᠩᠰᠠᠯᠠᠬᠤ ᠪᠠ ᠣᠯᠠᠨ ᠲᠠᠪᠴᠠᠩ ᠳᠤ ᠨᠡᠶᠢᠲᠡᠯᠡᠬᠦ ᠪᠠᠷ | ᠳᠠᠮᠵᠢᠭᠤᠯᠤᠨ᠂ ᠵᠠᠬ᠎ᠠ ᠳᠡᠯᠭᠡᠭᠦᠷ ᠤᠨ ᠬᠥᠯᠥᠰᠦᠯᠡᠭᠴᠢ ᠪᠠ ᠰᠤᠯᠠ ᠠᠵᠢᠯ ᠡᠷᠢᠭᠰᠡᠳ ᠢ ᠪᠦᠲᠦᠮᠵᠢᠲᠡᠶ ᠵᠤᠯᠭᠠᠭᠤᠯᠵᠠᠢ | ᠃ ᠨᠠᠷᠠᠰᠦ ᠲᠠᠨᠢᠯᠴᠠᠭᠤᠯᠬᠤ ᠳᠠᠭᠠᠨ᠂ ᠣᠲᠣᠬᠠᠨ ᠪᠣᠯᠲᠠᠯ᠎ᠠ ᠰᠤᠯᠠ ᠠᠵᠢᠯ ᠤᠨ ᠵᠠᠬ᠎ᠠ ᠳᠡᠯᠭᠡᠭᠦᠷ ᠨᠢ ᠨᠡᠶᠢᠲᠡ | 14028 ᠵᠤᠷᠪᠤᠰ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ | ᠲᠤᠬᠢᠷᠠᠯᠴᠠᠬᠰᠠᠨ ᠨᠣᠷᠮ᠎ᠠ ᠨᠢ 60% ᠶᠢ ᠳᠠᠪᠠᠵᠦ ᠪᠠᠶᠢᠨ᠎ᠠ ᠭᠡᠵᠡᠢ᠃ | ᠰᠤᠯᠠ ᠠᠵᠢᠯ ᠬᠢᠭᠰᠡᠳ ᠤᠨ ᠪᠠᠲᠤᠯᠠᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠰᠢᠯᠢ ᠶᠢᠨ ᠬᠤᠲᠠ ᠶᠢᠨ | ᠵᠠᠰᠠᠭ ᠤᠨ ᠣᠷᠳᠣᠨ 2024 ᠣᠨ ᠳᠤ 53 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ︽ᠰᠤᠯᠠ | ᠠᠵᠢᠯ ᠬᠢᠭᠰᠡᠳ ᠤᠨ ᠳᠠᠭᠠᠳᠬᠠᠯ︾ ᠤᠨ ᠳᠦᠷᠢᠮ ᠢ ᠪᠠᠶᠢᠭᠤᠯᠵᠤ᠂ ᠰᠤᠯᠠ ᠠᠵᠢᠯ ᠬᠢᠭᠰᠡᠳ ᠲᠤ ᠰᠠᠨᠠᠭᠠᠨ ᠳᠤ | ᠦᠭᠡᠢ ᠬᠡᠷᠡᠭ ᠤᠨ ᠳᠠᠭᠠᠳᠬᠠᠯ ᠲᠤᠰᠢᠶᠠᠵᠦ ᠦᠭᠴᠠᠢ᠃ ᠳᠠᠭᠠᠳᠬᠠᠯ ᠤᠨ ᠺᠣᠮᠫᠠᠨᠢ ᠲᠠᠢ ᠣᠯᠠᠨ ᠤᠳᠠᠭ᠎ᠠ | ᠵᠣᠯᠭᠠᠭᠤᠯᠬᠤ ᠪᠠᠷ ᠳᠡᠮᠵᠢᠨ᠂ ᠰᠤᠯᠠ ᠠᠵᠢᠯ ᠤᠨ ᠵᠠᠬ᠎ᠠ ᠳᠡᠯᠭᠡᠭᠦᠷ ᠤᠨ ᠲᠤᠰᠢᠶᠠᠭᠰᠠᠨ ᠰᠠᠨᠠᠭᠠᠨ ᠳᠤ ᠦᠭᠡᠢ | ᠬᠡᠷᠡᠭ ᠤᠨ ᠳᠠᠭᠠᠳᠬᠠᠯ ᠨᠢ ᠲᠡᠷᠡ ᠳᠠᠷᠤᠢ ᠳᠤᠨᠢ ᠬᠦᠴᠦᠨ ᠲᠠᠢ ᠪᠣᠯᠬᠤ᠂ ᠳᠠᠭᠠᠳᠬᠠᠯ ᠤᠨ ᠪᠠᠳᠤᠯᠠᠬᠤ ᠨᠤᠷᠮ᠎ᠠ ᠶᠢ | ᠳᠡᠭᠡᠭᠰᠢᠯᠡᠭᠦᠯᠬᠦ᠂ ᠳᠠᠭᠠᠳᠬᠠᠯ ᠳᠤ ᠣᠷᠣᠯᠴᠠᠬᠤ ᠨᠠᠰᠤᠨ ᠤ ᠬᠢᠵᠠᠭᠠᠷᠯᠠᠯ ᠢ ᠠᠭᠤᠵᠢᠮ ᠳᠠᠯᠪᠢᠬᠤ ᠵᠡᠷᠭᠡ ᠭᠤᠷᠪᠠᠨ | ᠵᠦᠢᠯ ᠤᠨ ᠰᠢᠪᠲᠤᠯᠤᠯᠲᠠ ᠶᠢ ᠪᠡᠶᠡᠯᠡᠭᠦᠯᠵᠦ᠂ ᠰᠤᠯᠠ ᠠᠵᠢᠯ ᠬᠢᠭᠰᠡᠳ ᠲᠤ ᠠᠮᠤᠷ ᠲᠦᠪᠰᠢᠨ ᠤ ᠪᠠᠲᠤᠯᠠᠭ᠎ᠠ | ᠬᠠᠨᠭ᠍ᠭᠠᠬᠰᠠᠨ ᠪᠠᠶᠢᠨ᠎ᠠ᠃ |