ᠰᠢᠯᠢ ᠶᠢᠨ ᠭᠤᠣᠯ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2025/2/17
     ᠰᠢᠯᠢ ᠶᠢᠨ ᠭᠤᠣᠯ ᠠᠶᠢᠮᠠᠭ ᠤᠨ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠢ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠨᠢᠨ ᠳᠡᠭᠡᠷ᠎ᠡ ᠨᠢ ᠬᠦᠴᠦᠯᠡᠵᠦ᠂ ᠨᠡᠩ ᠡᠷᠡᠰ ᠪᠠᠲᠤ ᠵᠣᠷᠢᠭ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠳᠠᠪᠠᠭᠤᠯᠢᠭ ᠣᠨᠴᠠᠯᠢᠭᠲᠤ ᠠᠵᠤ ᠦᠢᠯᠡᠰ᠂ ᠬᠡᠯᠪᠡᠷᠢ ᠪᠠᠨ ᠬᠤᠪᠢᠷᠠᠭᠤᠯᠤᠨ ᠪᠦᠲᠦᠴᠡ ᠶᠢ ᠰᠢᠯᠢᠳᠡᠭᠵᠢᠬᠦᠯᠬᠦ ᠵᠡᠷᠭᠡ ᠬᠦᠷᠢᠶᠡᠨ ᠳᠠᠬᠢ ᠲᠥᠷᠥᠯ ᠵᠦᠢᠯ ᠢ ᠲᠥᠯᠥᠪᠵᠢᠭᠦᠯᠬᠦ ᠶᠢ ᠴᠢᠩᠭ᠎ᠠ ᠠᠳᠬᠤᠵᠦ᠂ ᠴᠢᠬᠤᠯᠠ ᠶᠡᠭᠡ ᠲᠥᠷᠥᠯ ᠵᠦᠢᠯ ᠤᠨ ᠲᠥᠯᠦᠪᠵᠢᠭᠦᠯᠭᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠤᠷᠢᠳᠤᠴᠢ ᠴᠢᠨᠠᠷᠲᠠᠢ ᠪᠣᠳᠣᠯᠬᠢᠯᠠᠯ ᠢ ᠴᠢᠩᠭᠠᠳᠬᠠᠵᠤ᠂ ᠪᠦᠬᠦ ᠲᠠᠯ᠎ᠠ ᠶᠢᠨ ᠴᠢᠨᠠᠷᠲᠠᠢ ᠲᠦᠯᠦᠪᠵᠢᠬᠦᠯᠵᠦ᠂ ᠠᠷᠭ᠎ᠠ ᠵᠠᠮ ᠤᠨ ᠬᠢᠵᠠᠭᠠᠷᠯᠠᠯ ᠢ ᠰᠢᠪᠲᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠤᠨ᠂ ᠴᠢᠬᠤᠯᠠ ᠶᠡᠭᠡ ᠲᠦᠷᠦᠯ ᠵᠦᠢᠯ ᠢ ᠲᠦᠯᠦᠪᠵᠢᠬᠦᠯᠬᠦ ᠠᠵᠢᠯᠯᠠᠭ᠎ᠠ ᠶᠢᠨ ᠯᠠᠪᠳᠠᠭᠤᠨ ᠪᠠᠲᠤᠲᠠᠢ ᠶᠠᠪᠤᠭᠳᠠᠵᠦ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃      ᠲᠣᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠳ ᠢ ᠤᠷᠢᠵᠤ ᠬᠢᠴᠢᠶᠡᠯᠯᠡᠬᠦᠯᠤᠨ᠂ ᠪᠤᠯᠪᠠᠰᠤᠷᠠᠯ ᠨᠢ ᠠᠭᠤᠯᠭ᠎ᠠ ᠪᠠᠷ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠦ᠂ ᠡᠯ᠎ᠡ ᠠᠵᠢᠯ ᠲᠥᠷᠥᠯ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠴᠢᠨᠠᠷ ᠰᠠᠶᠢᠲᠠᠢ ᠥᠷᠨᠢᠬᠦ ᠶᠢ ᠲᠦᠯᠬᠢᠨ ᠠᠬᠢᠭᠤᠯᠪᠠ᠃      ᠪᠣᠯᠪᠠᠰᠤᠷᠠᠯ ᠤᠨ ᠬᠤᠭᠤᠴᠠᠭᠠᠨ ᠳᠤ ᠪᠠᠰᠠ 2025 ᠣᠨ ᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ᠂ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠮᠡᠳᠡᠭᠳᠡᠵᠦ᠂ ᠪᠥᠬᠦ ᠠᠶᠢᠮᠠᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号