ᠵᠠᠩ ᠪᠠᠢ ᠴᠧᠩ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/2/17
     ᠣᠷᠴᠢᠮ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      ᠵᠠᠩ ᠪᠠᠢ ᠴᠧᠩ ᠤᠷᠢᠳ ᠬᠤᠵᠢᠳ ᠬᠢᠩᠭᠠᠨ ᠵᠡᠰ ᠴᠠᠶᠢᠷ ᠪᠤᠯᠪᠠᠰᠤᠷᠠᠭᠤᠯᠬᠤ ᠬᠢᠵᠠᠭᠠᠷᠲᠤ ᠺᠣᠮᠫᠠᠨᠢ᠂ ᠶᠢᠨ ᠲᠢᠶᠠᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠠᠢ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠠᠵᠢᠯᠯᠠᠭ᠎ᠠ᠂ ᠲᠦᠷᠦᠯ ᠵᠦᠢᠯ ᠤᠨ ᠠᠬᠢᠴᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃      ᠳᠠᠷᠠᠭ᠎ᠠ ᠨᠢ᠂ ᠵᠠᠩ ᠪᠠᠢ ᠴᠧᠩ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠦᠷᠦᠭᠦᠦ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠦ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠡᠳ ᠨᠢᠭᠡ ᠪᠠᠷ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠬᠦᠴᠢᠷᠳᠡᠯ᠂ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ᠂ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠰᠶᠢᠳᠪᠦᠷᠢᠯᠡᠬᠦ ᠲᠥᠰᠥᠯ ᠢ ᠨᠢᠭᠡᠳ ᠨᠢᠭᠡ ᠪᠠᠷ ᠰᠤᠳᠤᠯᠵᠤ᠂ ᠠᠵᠤ ᠠᠬᠤᠶᠢᠯᠠᠯ ᠤᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠲᠦᠷᠭᠡᠨ ᠪᠥᠭᠡᠳ ᠪᠦᠲᠦᠮᠵᠢᠲᠡᠢ ᠰᠶᠢᠳᠪᠦᠷᠢᠯᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠪᠠᠷᠠᠭᠤᠨ ᠦᠵᠦᠮᠦᠴᠢᠨ ᠬᠤᠰᠢᠭᠤ ︽ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠦ᠂ ᠦᠳᠲᠡᠷ ᠲᠦᠷᠭᠡᠨ ᠬᠥᠳᠡᠯᠦᠯᠴᠡᠵᠦ᠂ ᠲᠥᠷᠥᠯ ᠵᠦᠢᠯ ᠤᠨ ᠨᠥᠭᠡᠴᠡ᠂ ᠲᠥᠷᠥᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠪᠡᠯᠡᠳᠬᠡᠯ᠂ ᠠᠷᠠᠯᠵᠢᠶᠠᠴᠢᠨ ᠤᠷᠢᠵᠤ ᠪᠡᠯᠡ ᠲᠠᠳᠠᠬᠤ ᠵᠡᠷᠭᠡ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠯᠴᠠᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠲᠦᠷᠦ ᠶᠢᠨ ᠪᠣᠳᠣᠯᠭ᠎ᠠ ᠪᠠᠷ ᠳᠡᠮᠵᠢᠬᠦ᠂ ᠵᠠᠬ᠎ᠠ ᠳᠡᠯᠭᠡᠭᠦᠷ ᠢ ᠨᠡᠭᠡᠭᠡᠬᠦ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠵᠡᠷᠭᠡ ᠲᠠᠯ᠎ᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠶᠢᠳᠪᠦᠷᠢᠯᠡᠨ᠂ ᠠᠵᠤ ᠠᠬᠤᠶᠢᠯᠠᠯ ᠤᠨ ᠭᠦᠭᠵᠢᠯᠳᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠷᠠᠭᠤᠯᠵᠤ᠂ ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠵᠦ᠂ ᠠᠶᠦᠯ ᠲᠦᠭᠰᠢᠭᠦᠷᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠱᠠᠯᠠᠪᠳᠠᠨ ᠬᠥᠳᠡᠯᠦᠯᠴᠡᠵᠦ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠲᠦᠷᠦᠭᠦᠦ ᠤᠯᠠᠷᠢᠯ ᠳᠤ ᠰᠠᠶᠢᠨ ᠡᠬᠢᠯᠡᠯᠲᠡ ᠲᠠᠢ ᠪᠤᠯᠭᠠᠵᠦ᠂ ᠪᠥᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号