ᠰᠥᠨᠢᠳ ᠵᠡᠭᠦᠨ ᠬᠤᠰᠢᠭᠤ ᠶᠠᠳᠠᠭᠤ ᠠᠴᠠ ᠠᠩᠭᠢᠵᠢᠷᠠᠭᠤᠯᠤᠠ ᠪᠣᠭᠤᠮᠲᠠ ᠰᠢᠪᠲᠤᠯᠤᠭᠰᠠᠠ ᠦᠷ᠎ᠡ | ᠪᠦᠲᠦᠭᠡᠯ ᠢ ᠪᠠᠬᠢᠵᠢᠭᠦᠯᠦᠨ ᠦᠷᠭᠡᠤᠨᠭᠡᠭᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠪᠠᠷ ᠠᠵᠠ ᠲᠣᠬᠢᠶᠠᠯ ᠪᠣᠯᠭᠠᠵᠤ᠂ ︽ᠬᠤᠪᠢ ᠭᠦᠮᠦᠡ ᠦᠪᠡᠷᠳᠡᠭᠡᠡ ᠲᠤᠰᠢᠶᠠᠬᠤ + | ᠬᠠᠮᠳᠤ ᠶᠢᠨ ᠠᠵᠤ ᠠᠬᠤᠢ ᠠᠴᠠ ᠨᠦᠭᠦᠪᠤᠷᠢ ᠦᠭᠭᠦ + ᠵᠠᠰᠠᠭ ᠤᠨ ᠤᠷᠳᠤᠠ ᠠᠴᠠ ᠨᠦᠭᠦᠪᠤᠷᠢ ᠦᠭᠭᠦ︾ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠭᠡᠪ ᠵᠠᠭᠪᠤᠷ ᠤᠨ ᠰᠢᠨ᠎ᠠ ᠶᠢ | ᠡᠭᠦᠤᠨᠴᠤ᠂ ᠬᠢᠯᠢ ᠬᠢᠵᠠᠭᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠶᠢ ᠠᠬᠢᠭᠤᠯᠪᠠ᠃ ᠦᠡᠭᠭᠡᠷᠡᠬᠦ ᠵᠢᠯ ᠳᠤ᠂ ᠲᠤᠰ ᠬᠤᠰᠢᠭᠤ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠳᠤ ᠬᠠᠮᠲᠤ ᠶᠢᠨ ᠠᠵᠤ ᠠᠬᠤᠢ ᠠᠴᠠ ᠨᠥᠬᠦᠪᠥᠷᠢ | ᠦᠭᠭᠦᠭᠰᠡᠨ 82 ᠮᠠᠯᠴᠢᠠ ᠳᠤ ᠡᠳ᠋ ᠤᠨ ᠵᠠᠰᠠᠭ ᠤᠨ ᠨᠥᠬᠦᠪᠥᠷᠢ ᠥᠭᠴᠦ᠂ ᠪᠦᠬᠦ ᠣᠷᠣᠨ ᠤ ᠠᠩᠬᠠᠳᠠᠭᠴᠢ ᠣᠷᠣᠨ | ᠨᠤᠲᠤᠭ ᠤᠨ ᠵᠠᠰᠠᠭ ᠤᠨ ᠣᠷᠳᠣᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠨᠦᠭᠦᠪᠤᠷᠢ ᠦᠭᠴᠤ ᠲᠤᠰᠢᠶᠠᠭᠰᠠᠨ ᠭᠠᠵᠠᠷ ᠣᠷᠣᠨ ᠪᠣᠯᠪᠠ᠃ | ︽ᠤᠶᠢᠷ᠎ᠠ ᠶᠢᠨ ᠬᠤᠶᠠᠷ ᠵᠢᠯ᠂ ᠭᠠᠴᠠᠭᠠᠨ ᠤ ᠬᠠᠮᠳᠤ ᠶᠢᠨ ᠠᠵᠤ ᠠᠬᠤᠢ ᠠᠴᠠ ᠨᠠᠰᠤᠵᠢᠯ ᠤᠨ ᠲᠠᠭᠠᠳᠬᠠᠯ ᠳᠤ | ᠲᠡᠭᠰᠢᠳᠬᠡᠬᠡᠳ ᠵᠢᠯ ᠪᠦᠷᠢ ᠭᠦᠮᠦᠡ ᠨᠢᠭᠡᠪᠤᠷᠢ ᠳᠤ 200 ᠲᠦᠭᠦᠷᠢᠭ ᠤᠨ ᠨᠦᠬᠦᠪᠦᠷᠢ ᠦᠭᠴᠤ ᠲᠤᠰᠢᠶᠠᠠ᠂ | 2024 ᠤᠨ ᠳᠤ ᠬᠤᠰᠢᠭᠤᠠ ᠤ ᠵᠠᠰᠠᠭ ᠤᠨ ᠤᠷᠳᠤᠨ ᠠᠴᠠ ᠪᠠᠰᠠ 100 ᠲᠦᠭᠦᠷᠢᠭ ᠤᠨ ᠨᠦᠬᠦᠪᠦᠷᠢ ᠲᠤᠰᠢᠶᠠᠨ | ᠦᠭᠴᠤ᠂ ᠪᠢᠳᠡᠨ ᠤ ᠨᠠᠰᠤᠵᠢᠯ ᠤᠨ ᠲᠠᠭᠠᠳᠬᠠᠯ ᠤᠨ ᠬᠤᠪᠢ ᠬᠦᠮᠦᠨ ᠤ ᠲᠠᠩᠰᠠᠨ ᠳᠤ ᠤᠷᠤᠭᠤᠯᠵᠠᠢ᠂ ᠡᠨᠡ ᠨᠢ | ᠮᠠᠨ ᠤ ᠬᠤᠪᠢ ᠬᠥᠮᠦᠨ ᠤ ᠳᠠᠩᠰᠠ ᠶᠢᠨ ᠬᠤᠷᠠᠮᠳᠤᠭᠤᠯᠤᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ | ᠬᠤᠶᠢᠰᠢᠳᠠ ᠶᠢᠨ ᠦᠳᠡᠯᠦᠬᠡ ᠨᠠᠰᠤᠨ ᠤ ᠠᠮᠢᠳᠤᠷᠠᠯ ᠳᠤ ᠪᠠᠲᠤᠯᠠᠭ᠎ᠠ ᠬᠠᠩᠭᠠᠵᠠᠢ︾ ᠭᠡᠵᠤ ᠰᠥᠨᠢᠳ ᠵᠡᠭᠦᠨ | ᠬᠤᠰᠢᠭᠤᠨ ᠤ ᠳᠠᠯᠠᠢ ᠰᠤᠮᠤᠨ ᠤ ᠪᠠᠶᠠᠨᠪᠤᠯᠠᠭ ᠭᠠᠴᠠᠭᠠᠨ ᠤ ᠮᠠᠯᠴᠢᠨ ᠡᠷᠬᠡᠳᠤ ᠪᠠᠶᠠᠷᠯᠠᠨ ᠬᠡᠯᠡᠨ᠎ᠡ᠃ | ᠳᠠᠯᠠᠢ ᠰᠤᠮᠤᠨ ᠤ ᠪᠠᠶᠠᠨᠪᠤᠯᠠᠭ ᠭᠠᠴᠠᠭ᠎ᠠ ᠨᠢ ᠰᠥᠨᠢᠳ ᠵᠡᠭᠦᠨ ᠬᠤᠰᠢᠭᠤᠨ ᠤ ᠬᠤᠶᠢᠳᠤ ᠭᠡᠰᠡᠭ ᠲᠠᠬᠢ ᠲᠤᠮᠳᠠᠳᠤ | ᠮᠤᠩᠭᠤᠯ ᠤᠨ ᠬᠢᠯᠢ ᠳᠤ ᠪᠠᠶᠢᠷᠢᠯᠠᠵᠤ᠂ 108 ᠡᠷᠦᠬᠡ ᠶᠢᠨ 385 ᠬᠥᠮᠦᠨ ᠠᠮᠠ ᠲᠠᠢ᠃ ᠬᠢᠯᠢ ᠬᠢᠵᠠᠭᠠᠷ | ᠤᠷᠤᠨ ᠤ ᠮᠠᠯᠴᠢᠳ ᠤᠨ ᠦᠳᠡᠯᠦᠬᠡ ᠨᠠᠰᠤᠨ ᠳᠤᠨᠢ ᠪᠠᠳᠤᠯᠠᠭ᠎ᠠ ᠬᠠᠩᠭᠠᠬᠤ ᠶᠢᠨ ᠲᠦᠯᠦᠭᠡ᠂ ᠲᠤᠰ ᠭᠠᠴᠠᠭ᠎ᠠ ᠨᠢ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠬᠠᠮᠲᠤ ᠶᠢᠨ ᠠᠵᠤ | ᠠᠬᠤᠢ ᠠᠴᠠ ᠨᠥᠬᠦᠪᠥᠷᠢ ᠦᠭᠭᠦ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠦᠷᠭᠡᠨ ᠲᠡᠯᠭᠡᠷ ᠤᠬᠠᠭᠤᠯᠬᠤ᠂ | ᠭᠦᠢᠴᠠᠤᠠ ᠲᠠᠶᠢᠴᠢᠯᠠᠬᠤ ᠪᠠᠷ ᠲᠠᠮᠵᠢᠡ ᠰᠠᠭᠤᠭᠠᠯᠢ ᠠᠷᠠᠳ ᠤᠨ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠬᠤ ᠶᠢ | ᠬᠦᠳᠦᠯᠦᠨ ᠵᠢᠯᠤᠭᠤᠳᠴᠠᠢ᠃ 2024 ᠣᠨ ᠳᠤ ᠭᠠᠴᠠᠭᠠᠨ ᠤ ᠬᠠᠮᠲᠤ ᠶᠢᠨ ᠠᠵᠤ ᠠᠬᠤᠢ ᠠᠴᠠ 2.49 ᠲᠦᠮᠡᠨ | ᠲᠥᠭᠦᠷᠢᠭ ᠤᠨ ᠪᠡᠯᠡ ᠭᠠᠷᠭᠠᠵᠤ᠂ ᠬᠠᠮᠲᠤ ᠶᠢᠨ ᠠᠵᠤ ᠠᠬᠤᠢ ᠠᠴᠠ ᠨᠦᠬᠦᠪᠦᠷᠢ ᠦᠭᠴᠤ ᠲᠤᠰᠢᠶᠠᠬᠤ ᠬᠡᠯᠪᠡᠷᠢ ᠪᠠᠷ | ᠨᠥᠬᠦᠴᠡᠯ ᠳᠤ ᠨᠡᠶᠢᠴᠡᠭᠰᠡᠨ 83 ᠬᠥᠮᠦᠨ ᠳᠤ ᠨᠡᠶᠢᠳᠡ 1.15 ᠲᠦᠮᠡᠨ ᠲᠥᠭᠦᠷᠢᠭ ᠤᠨ ᠨᠦᠭᠦᠪᠤᠷᠢ ᠦᠭᠴᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠦᠡᠭᠭᠦ ᠲᠤᠰᠢᠶᠠᠵᠤ | ᠦᠭᠴᠡᠢ᠂ 67 ᠬᠥᠮᠦᠨ ᠳᠤ ᠤᠷᠤᠯᠠᠠ ᠲᠤᠰᠢᠶᠠᠵᠤ ᠲᠦᠰᠢᠭ ᠪᠤᠯᠬᠤ ᠭᠡᠯᠪᠡᠷᠢ ᠪᠠᠷ ᠨᠡᠶᠢᠳᠡ 1.34 ᠲᠦᠮᠡᠨ | ᠲᠥᠭᠦᠷᠢᠭ ᠤᠨ ᠨᠦᠭᠦᠪᠤᠷᠢ ᠦᠭᠴᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠮᠦᠡᠭᠭᠦ ᠲᠤᠰᠢᠶᠠᠵᠤ ᠦᠭᠴᠡᠢ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠬᠠᠮᠲᠤ ᠶᠢᠨ ᠠᠵᠤ | ᠠᠬᠤᠢ ᠠᠴᠠ ᠨᠥᠬᠦᠪᠥᠷᠢ ᠦᠭᠭᠦ ᠪᠣᠯ ᠠᠷᠠᠳ ᠲᠤ ᠠᠰᠢᠭ ᠬᠦᠷᠲᠡᠭᠡᠬᠦ ᠨᠢᠭᠡ ᠵᠦᠢᠯ ᠤᠨ ᠠᠷᠭ᠎ᠠ ᠭᠡᠮᠵᠢᠶ᠎ᠠ ᠪᠠᠶᠢᠵᠤ᠂ | ᠬᠠᠮᠲᠤ ᠶᠢᠨ ᠠᠵᠤ ᠠᠬᠤᠢ ᠶᠢᠨ ᠡᠬᠢ ᠪᠠᠶᠠᠯᠢᠭ ᠢ ᠳᠠᠶᠢᠴᠢᠯᠠᠨ᠂ ᠠᠵᠤ ᠠᠬᠤᠢ ᠶᠢᠨ ᠰᠠᠭᠤᠷᠢ ᠰᠠᠶᠢᠨ᠂ | ᠨᠥᠬᠦᠴᠡᠯ ᠲᠠᠢ ᠭᠠᠴᠠᠭ᠎ᠠ ᠲᠣᠰᠬᠤᠨ ᠪᠣᠯᠤᠨ ᠨᠡᠶᠢᠭᠡᠮ ᠲᠣᠭᠤᠷᠢᠭ ᠲᠤ ᠬᠠᠷᠢᠶ᠎ᠠ ᠤᠷᠤᠠ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠦᠢᠤᠨᠭᠡᠯ ᠢᠶᠠᠨ ᠨᠢᠭᠡᠨᠲᠡ ᠲᠤᠰᠢᠶᠠᠭᠰᠠᠨ ᠮᠥᠷᠲᠡᠭᠡᠨ ᠨᠠᠰᠤᠵᠢᠯ ᠤᠨ ᠮᠦᠡᠭᠭᠦᠡ ᠤ | ᠬᠠᠷᠠᠭᠠᠯᠵᠠᠯ ᠬᠦᠷᠳᠡᠭᠡ ᠦᠭᠡᠢ ᠬᠥᠮᠦᠰ ᠲᠤ ᠵᠣᠬᠢᠬᠤ ᠲᠣᠭᠠᠨ ᠤ ᠨᠦᠬᠦᠪᠦᠷᠢ ᠦᠭᠴᠤ ᠰᠦᠢᠤᠨᠭᠡᠯ ᠲᠤᠰᠢᠶᠠᠵᠤ | ᠦᠭᠭᠦ ᠠᠷᠭ᠎ᠠ ᠪᠤᠳᠤᠯᠭ᠎ᠠ ᠪᠤᠯᠤᠨ᠎ᠠ᠃ ᠰᠥᠨᠢᠳ ᠵᠡᠭᠦᠨ ᠬᠤᠰᠢᠭᠤ ᠨᠢ ᠪᠦᠬᠦ ᠣᠷᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠠᠴᠠ ᠨᠦᠬᠦᠪᠦᠷᠢ ᠦᠭᠴᠤ ᠲᠤᠰᠢᠶᠠᠬᠤ ᠠᠵᠢᠯ ᠢ ᠥᠷᠨᠢᠭᠦᠯᠬᠦ ᠲᠤᠷᠰᠢᠯᠲᠠ ᠶᠢᠨ ᠴᠡᠭ ᠪᠣᠯᠤᠭᠰᠠᠨ ᠤ | ᠬᠤᠪᠢ ᠳᠤ᠂ ᠬᠢᠯᠢ ᠬᠢᠵᠠᠭᠠᠷ ᠤᠷᠤᠠ ᠤ ᠭᠠᠴᠠᠭᠠᠨ ᠤ ᠪᠥᠬᠦ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠶᠢ ᠠᠬᠢᠭᠤᠯᠬᠤ ᠪᠠᠷ ᠬᠦᠴᠦᠯᠡᠴᠡ ᠪᠣᠯᠭᠠᠵᠤ᠂ ︽ᠬᠤᠪᠢ ᠭᠦᠮᠦᠡ ᠦᠪᠡᠷᠳᠡᠭᠡᠡ | ᠲᠤᠰᠢᠶᠠᠬᠤ + ᠬᠠᠮᠳᠤ ᠶᠢᠨ ᠠᠵᠤ ᠠᠬᠤᠢ ᠠᠴᠠ ᠨᠦᠭᠦᠪᠤᠷᠢ ᠦᠭᠭᠦ + ᠵᠠᠰᠠᠭ ᠤᠨ ᠤᠷᠳᠤᠠ ᠠᠴᠠ ᠨᠦᠭᠦᠪᠤᠷᠢ | ᠦᠭᠭᠦ︾ ᠬᠡᠯᠪᠡᠷᠢ ᠶᠢ ᠢᠳᠡᠪᠬᠢᠲᠡᠢ ᠠᠬᠢᠭᠤᠯᠵᠠᠢ᠂ ᠪᠦᠬᠦ ᠬᠤᠰᠢᠭᠤᠨ ᠤ 11 ᠭᠠᠴᠠᠭᠠᠨ ᠤ ᠳᠠᠭᠠᠳᠬᠠᠯ ᠳᠤ | ᠣᠷᠣᠭᠰᠠᠠ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠡᠮᠬᠢᠯᠡᠡ ᠲᠢᠭᠯᠡᠭᠦ ᠪᠠ ᠲᠡᠮᠳᠡᠭᠯᠡᠡ ᠣᠷᠣᠭᠤᠯᠬᠤ ᠠᠵᠢᠯ ᠢ | ᠶᠠᠪᠤᠭᠳᠠᠭᠤᠯᠬᠤ ᠶᠢᠨ ᠬᠠᠮᠳᠤ ᠪᠠᠶᠠᠨᠪᠤᠯᠠᠭ ᠭᠠᠴᠠᠭ᠎ᠠ ᠶᠢ ᠬᠠᠮᠳᠤ ᠶᠢᠨ ᠠᠵᠤ ᠠᠬᠤᠢ ᠠᠴᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠨᠦᠬᠦᠪᠦᠷᠢ ᠦᠭᠴᠤ ᠲᠤᠰᠢᠶᠠᠬᠤ | ᠲᠤᠷᠰᠢᠯᠲᠠ ᠶᠢᠨ ᠴᠡᠭ ᠤᠨ ᠭᠠᠴᠠᠭ᠎ᠠ ᠪᠠᠷ ᠲᠤᠭᠳᠠᠵᠤ᠂ ᠲᠤᠰᠬᠠᠢ ᠲᠥᠷᠥᠯ ᠤᠨ ᠪᠡᠯᠡ ᠮᠥᠩᠭᠦ ᠲᠤᠬᠢᠷᠠᠭᠤᠯᠤᠨ᠂ | ᠵᠠᠰᠠᠭ ᠤᠨ ᠤᠷᠳᠤᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠨᠦᠬᠦᠪᠦᠷᠢ ᠦᠭᠭᠦ ᠠᠵᠢᠯ ᠢ ᠪᠥᠬᠦ ᠬᠦᠴᠦᠨ ᠢᠶᠠᠷ ᠠᠬᠢᠭᠤᠯᠤᠭᠰᠠᠨ ᠪᠠᠶᠢᠨ᠎ᠠ᠃ ︽ᠬᠤᠰᠢᠭᠤᠨ ᠤ | ᠵᠠᠰᠠᠭ ᠤᠨ ᠣᠷᠳᠣᠨ ᠠᠴᠠ ᠨᠥᠬᠦᠪᠥᠷᠢ ᠣᠯᠭᠤᠬᠤ ᠳᠤ᠂ ᠲᠤᠰ ᠭᠠᠴᠠᠭᠠᠨ ᠤ ᠨᠢᠭᠡ ᠬᠥᠮᠦᠨ ᠨᠢᠭᠡᠨᠲᠡ ᠠᠵᠢᠯ | ᠠᠴᠠ ᠪᠠᠨ ᠠᠮᠠᠷᠠᠬᠤ ᠭᠠᠷ ᠭᠦᠢᠴᠡᠳᠬᠡᠯ ᠬᠢᠭᠰᠡᠨ ᠪᠤᠯᠬᠤᠷ ᠪᠢᠳᠡ 82 ᠬᠥᠮᠦᠨ ᠳᠤ ᠭᠦᠮᠦᠡ ᠪᠦᠷᠢ ᠳᠤ 100 | ᠲᠥᠭᠦᠷᠢᠭ ᠤᠨ ᠪᠠᠷᠢᠮᠵᠢᠶ᠎ᠠ ᠪᠠᠷ 2024 ᠣᠨ ᠤ 12 ᠰᠠᠷ᠎ᠠ ᠶᠢᠨ 10 ᠤ ᠡᠳᠦᠷ ᠵᠠᠰᠠᠭ ᠤᠨ ᠣᠷᠳᠣᠨ ᠤ | ᠨᠥᠬᠦᠪᠥᠷᠢ ᠶᠢ ᠮᠠᠯᠴᠢᠳ ᠤᠨ ᠬᠤᠪᠢ ᠬᠥᠮᠦᠨ ᠤ ᠳᠠᠩᠰᠠᠨ ᠳᠤ ᠤᠷᠤᠭᠤᠯᠵᠠᠢ︾ ᠭᠡᠵᠤ ᠰᠥᠨᠢᠳ ᠵᠡᠭᠦᠨ | ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠲᠡᠳ᠋ ᠡᠷᠬᠢᠯᠡᠭᠴᠢ ᠢᠯᠠᠯᠳᠠ ᠲᠠᠨᠢᠯᠴᠠᠭᠤᠯᠤᠨ᠎ᠠ᠃ | ᠰᠥᠨᠢᠳ ᠵᠡᠭᠦᠨ ᠬᠤᠰᠢᠭᠤ ᠨᠢ ᠬᠠᠮᠲᠤ ᠶᠢᠨ ᠠᠵᠤ ᠠᠬᠤᠢ ᠠᠴᠠ ᠨᠦᠭᠦᠪᠤᠷᠢ ᠦᠭᠭᠦ ᠪᠠ ᠵᠠᠰᠠᠭ ᠤᠨ | ᠣᠷᠳᠣᠨ ᠠᠴᠠ ᠨᠥᠬᠦᠪᠥᠷᠢ ᠥᠭᠬᠦ ᠠᠷᠭ᠎ᠠ ᠬᠡᠯᠪᠡᠷᠢ ᠶᠢ ᠠᠪᠴᠤ᠂ ᠳᠠᠭᠠᠳᠬᠠᠯ ᠳᠤ ᠣᠷᠣᠭᠰᠠᠨ ᠣᠯᠠᠨ ᠲᠦᠮᠡᠨ ᠳᠤ | ᠬᠤᠣᠰ ᠨᠥᠬᠦᠪᠥᠷᠢ ᠶᠢ ᠬᠦᠷᠲᠡᠭᠡᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ | ᠢᠳᠡᠪᠬᠢᠵᠢᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠥᠲᠡᠯᠦᠭᠡ | ᠨᠠᠰᠤᠨ ᠤ ᠠᠮᠢᠳᠤᠷᠠᠯ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠡᠨᠡ ᠨᠢ ᠬᠢᠯᠢ ᠬᠢᠵᠠᠭᠠᠷ ᠣᠷᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ ᠲᠠᠶᠢᠴᠢᠯᠠᠬᠤ ᠰᠢᠨ᠎ᠡ ᠠᠷᠭ᠎ᠠ | ᠵᠠᠮ ᠢ ᠰᠦᠪᠡᠭᠴᠢᠯᠡᠵᠦ᠂ ᠪᠦᠬᠦ ᠠᠶᠢᠮᠠᠭ ᠴᠢᠨᠠᠭᠰᠢᠯᠠᠪᠠᠯ ᠪᠦᠬᠦ ᠣᠷᠣᠨ ᠤ ᠰᠠᠭᠤᠭᠠᠯᠢ ᠠᠷᠠᠤᠠ ᠤᠨ ᠲᠠᠭᠠᠤᠨᠬᠠᠯ ᠳᠤ | ᠤᠷᠤᠯᠴᠠᠬᠤ ᠠᠵᠢᠯ ᠤᠨ ᠤᠷᠤᠭᠰᠢᠳᠠᠢ ᠶᠠᠪᠤᠭᠳᠠᠬᠤ ᠳᠤ ᠦᠢᠯᠡᠳᠦᠯᠭᠡ ᠶᠢᠨ ᠲᠤᠷᠰᠢᠯᠭ᠎ᠠ ᠬᠠᠩᠭᠠᠭᠰᠠᠨ ᠪᠠᠶᠢᠨ᠎ᠠ︾ | ᠭᠡᠵᠤ ᠰᠢᠯᠢ ᠶᠢᠨ ᠭᠤᠣᠯ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠠᠵᠢᠯ ᠦᠢᠯᠡᠰ ᠤᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠰᠢᠦᠢ ᠰᠢ ᠵᠢᠶᠦ᠋ᠨ ᠶᠠᠷᠢᠨ᠎ᠠ᠃ | |