2024 ᠣᠨ ᠳᠤ᠂ ᠰᠢᠯᠢ ᠶᠢᠨ ᠭᠤᠣᠯ ᠠᠶᠢᠮᠠᠭ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠪᠣᠯᠣᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠰᠠᠶᠢᠳᠤᠷ | ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠳᠤ ᠠᠩᠬᠠᠷᠤᠯ ᠢᠶᠠᠨ | ᠲᠥᠪᠯᠡᠷᠡᠭᠦᠯᠤᠨ᠂ ᠪᠦᠬᠦ ᠬᠦᠴᠦᠨ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ | ᠪᠠᠲᠤᠯᠠᠠ᠂ ᠴᠢᠳᠠᠪᠤᠷᠢᠲᠠᠨ ᠢ ᠴᠤᠭᠯᠠᠷᠠᠭᠤᠯᠵᠤ᠂ ᠡᠶ᠎ᠡ ᠵᠣᠬᠢᠴᠠᠩᠭᠤᠢ ᠶᠢ ᠠᠬᠢᠭᠤᠯᠤᠨ᠂ ᠠᠷᠠᠳ ᠤᠨ ᠠᠮᠢᠳᠤᠷᠠᠯ ᠤᠨ | ᠬᠠᠷᠢᠭᠤᠯᠲᠠ ᠶᠢᠨ ᠬᠠᠭᠤᠳᠠᠰᠤ ᠶᠢ ᠰᠠᠶᠢᠳᠤᠷ ᠪᠢᠴᠢᠭᠯᠡᠵᠠᠢ᠃ | ᠠᠵᠤ ᠠᠬᠤᠶᠢᠯᠠᠯ ᠪᠣᠯ ᠠᠵᠢᠯ ᠣᠯᠭᠤᠯᠲᠠ ᠶᠢᠨ ᠭᠤᠣᠯ ᠬᠦᠴᠦᠨ ᠮᠥᠨ᠂ ᠠᠵᠤ ᠠᠬᠤᠶᠢᠯᠠᠯ ᠤᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠠᠵᠢᠯ ᠠᠯᠳᠠᠯᠲᠠ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 2380 ᠠᠵᠤ | ᠠᠬᠤᠶᠢᠯᠠᠯ ᠤᠨ ᠪᠠᠶᠢᠭᠤᠯᠤᠮᠵᠢ ᠳᠤ 2973 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠪᠡᠯᠡ ᠮᠥᠩᠭᠦ ᠲᠠᠷᠬᠠᠭᠠᠵᠤ᠂ 51417 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠠᠵᠢᠯ | ᠠᠯᠳᠠᠭᠰᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠡᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠤᠷᠤᠯᠠᠨ ᠲᠤᠰᠢᠶᠠᠬᠤ᠂ | ᠳᠤᠯᠠᠭᠠᠯᠠᠭ᠎ᠠ ᠶᠢᠨ ᠨᠥᠬᠦᠪᠦᠷᠢ ᠵᠡᠷᠭᠡ ᠨᠦᠬᠦᠪᠦᠷᠢ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠲᠡ | 2404 ᠠᠵᠢᠯ ᠠᠯᠳᠠᠭᠰᠠᠳ ᠲᠤ 2367 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠵᠢᠴᠢ ᠪᠤᠰᠤᠳ ᠨᠦᠬᠦᠪᠦᠷᠢ᠂ 32.47 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠦᠷᠢ | ᠣᠯᠭᠤᠬᠤ ᠶᠢᠨ ᠬᠠᠮᠲᠦ 2245 ᠠᠵᠢᠯ ᠠᠯᠳᠠᠭᠰᠠᠳ ᠲᠤ 490.44 ᠲᠦᠮᠡᠨ ᠲᠥᠭᠦᠷᠢᠭ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠣᠷᠣᠯᠠᠨ ᠲᠤᠰᠢᠶᠠᠵᠦ ᠦᠭᠴᠠᠢ᠃ | ᠰᠢᠯᠢ ᠶᠢᠨ ᠭᠤᠣᠯ ᠠᠶᠢᠮᠠᠭ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠪᠣᠯᠪᠠᠰᠤᠷᠠᠯ | ᠬᠦᠷᠲᠡᠭᠡᠬᠦ᠂ ᠦᠢᠯᠡᠰ ᠪᠤᠰᠬᠠᠬᠤ ᠶᠢ ᠳᠡᠮᠵᠢᠬᠦ᠂ ᠲᠤᠰᠠᠯᠠᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠪᠠᠲᠤᠯᠠᠵᠤ ᠪᠠᠶᠢᠭᠰᠠᠨ ᠠᠴᠠ ᠪᠠᠨ ᠴᠢᠨᠠᠷ ᠰᠠᠶᠢᠲᠠᠢ ᠠᠵᠢᠯ | ᠣᠯᠭᠤᠯᠲᠠ ᠳᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠨᠠᠭᠠᠲᠤ | ᠵᠠᠬ᠎ᠠ ᠳᠠᠭᠠᠨ ᠨᠢᠭᠡ ᠤᠳᠠᠭ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠬᠢᠬᠦ᠂ ᠨᠢᠭᠡ ᠤᠳᠠᠭ᠎ᠠ | ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠬᠦ᠂ 3 ᠤᠳᠠᠭ᠎ᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ᠂ ᠨᠢᠭᠡ | ᠤᠳᠠᠭ᠎ᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠪᠤᠶᠤ ᠳᠠᠳᠤᠯᠭ᠎ᠠ ᠬᠢᠬᠦ ᠲᠣᠬᠢᠶᠠᠯ ᠬᠠᠨᠭ᠍ᠭᠠᠪᠠ᠃ ᠪᠡᠭᠡᠵᠢᠩ | ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠶᠢᠮᠠᠭ ᠬᠤᠲᠠ ᠶᠢᠨ ᠬᠤᠭᠤᠷᠣᠨᠳᠣᠬᠢ ᠣᠷᠣᠨ ᠪᠦᠰᠡ ᠶᠢᠨ ᠴᠢᠨᠠᠷᠲᠠᠢ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ᠬᠤᠯᠪᠣᠭ᠎ᠠ ᠪᠠᠶᠢᠭᠤᠯᠵᠦ᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠵᠡᠷᠭᠡ | ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠭᠠᠳᠠᠭᠰᠢ ᠭᠠᠷᠴᠤ ᠠᠵᠢᠯ ᠬᠢᠬᠦ ᠪᠠ ᠣᠶᠢᠷ᠎ᠠ | ᠬᠠᠪᠢ ᠳᠠᠭᠠᠨ ᠠᠵᠢᠯ ᠣᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠤ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ | ᠣᠷᠣᠨ ᠤ 82520 ᠬᠥᠮᠥᠨ ᠳᠤ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠬᠰᠠᠨ 9481 ᠬᠥᠮᠥᠨ ᠳᠤ | ᠠᠵᠢᠯ ᠣᠯᠭᠤᠪᠠ᠃ | ᠰᠢᠯᠢ ᠶᠢᠨ ᠭᠤᠣᠯ ᠠᠶᠢᠮᠠᠭ ᠦᠢᠯᠡᠰ ᠪᠤᠰᠬᠠᠬᠤ ᠪᠠᠲᠤᠯᠠᠭᠠᠲᠦ ᠵᠢᠭᠡᠯᠡᠯᠭᠡ ᠶᠢᠨ ︽ᠴᠠᠭ ᠲᠤᠬᠠᠢ ᠳᠤᠨᠢ | ᠭᠤᠶᠤᠴᠢᠯᠠᠵᠤ᠂ ᠴᠠᠭ ᠲᠤᠬᠠᠢ ᠳᠤᠨᠢ ᠬᠢᠨᠠᠨ ᠬᠠᠷᠭᠤᠭᠤᠯᠬᠤ︾ ᠲᠦᠷᠭᠡᠨ ᠭᠦᠢᠴᠡᠳᠬᠡᠬᠦ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠦᠢᠯᠡᠰ ᠪᠤᠰᠬᠠᠬᠤ ᠪᠠᠲᠤᠯᠠᠭᠠᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠦᠢᠯᠡᠰ | ᠪᠤᠰᠬᠠᠬᠤ ᠪᠠᠲᠤᠯᠠᠭᠠᠲᠦ ᠵᠢᠭᠡᠯᠡᠯᠭᠡ ᠶᠢ ᠨᠡᠶᠢᠲᠡ 312 ᠬᠤᠪᠢ 8976.6 ᠲᠦᠮᠡᠨ ᠲᠥᠭᠦᠷᠢᠭ ᠲᠠᠯᠪᠢᠪᠠ᠃ | ᠦᠢᠯᠡᠰ ᠪᠤᠰᠬᠠᠬᠤ ᠬᠦᠪᠦᠷᠡᠯᠳᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠᠷ | ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠰ ᠪᠤᠰᠬᠠᠬᠴᠢᠳ ᠲᠤ ︽ᠥᠪᠡᠷ ᠤᠨ | ᠥᠷᠲᠡᠭ ᠢᠶᠠᠷ ᠳᠣᠣᠷ᠎ᠠ᠂ ᠲᠥᠬᠦᠮ ᠲᠦᠳᠡ᠂ ᠨᠡᠭᠡᠭᠡᠯᠲᠡᠲᠤ ᠮᠠᠶ᠋ᠢᠭ︾ ᠤᠨ ᠦᠢᠯᠡᠰ ᠪᠤᠰᠬᠠᠬᠤ ᠦᠢᠯᠡᠴᠢᠯᠡᠭᠡ | ᠬᠠᠩᠭᠠᠵᠤ᠂ ᠣᠳᠤᠬᠠᠨ ᠪᠣᠯᠲᠠᠯ᠎ᠠ᠂ ᠪᠥᠬᠦ ᠠᠶᠢᠮᠠᠭ ᠤᠨ 17 ᠦᠢᠯᠡᠰ ᠪᠤᠰᠬᠠᠬᠤ ᠬᠦᠷᠢᠶᠡᠯᠡᠩ ︵ᠬᠦᠪᠦᠷᠡᠯᠳᠡ ᠶᠢᠨ | ᠰᠠᠭᠤᠷᠢᠨ ᠭᠠᠵᠠᠷ︶ ᠳᠤ ᠤᠷᠤᠵᠦ ᠰᠠᠭᠤᠬᠰᠠᠨ ᠦᠢᠯᠡᠰ ᠪᠤᠰᠬᠠᠬᠤ ᠪᠣᠳᠠᠲᠤ ᠴᠣᠭᠴᠠ 423 ᠪᠠᠶᠢᠵᠦ᠂ 3681 | ᠬᠥᠮᠥᠨ ᠢ ᠳᠠᠶᠢᠴᠢᠯᠠᠠ ᠠᠵᠢᠯ ᠣᠯᠭᠤᠪᠠ᠃ | ᠡᠭᠦᠨ ᠤ ᠬᠠᠮᠲᠤ ᠰᠢᠯᠢ ᠶᠢᠨ ᠭᠤᠣᠯ ᠠᠶᠢᠮᠠᠭ ᠠᠵᠤ ᠠᠬᠤᠶᠢᠯᠠᠯ ᠪᠠ ᠬᠥᠳᠡᠯᠮᠦᠷᠢᠴᠢᠳ ᠤᠨ ᠪᠣᠯᠪᠠᠰᠤᠷᠠᠯ ᠤᠨ | ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠵᠣᠯᠭᠠᠭᠤᠯᠵᠤ᠂ ᠪᠣᠯᠪᠠᠰᠤᠷᠠᠯ ᠪᠠ ᠠᠵᠢᠯ ᠣᠯᠭᠤᠯᠲᠠ ᠶᠢ | ᠪᠦᠲᠦᠮᠵᠢᠲᠡᠶ ᠵᠣᠯᠭᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠤᠷ᠎ᠠ ᠴᠢᠳᠠᠪᠤᠷᠢ ᠶᠢᠨ | ᠪᠣᠯᠪᠠᠰᠤᠷᠠᠯ ᠦᠷᠨᠢᠬᠦᠯᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠢ ᠨᠡᠶᠢᠲᠡ 10322 ᠬᠥᠮᠥᠨ ᠤᠳᠠᠭ᠎ᠠ ᠥᠷᠨᠢᠭᠦᠯᠵᠦ᠂ 2279 ᠠᠵᠤ ᠠᠬᠤᠶᠢᠯᠠᠯ ᠤᠨ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠳᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠦᠷᠢ ᠮᠥᠩᠭᠦ ᠶᠢ | 346.4 ᠲᠦᠮᠡᠨ ᠲᠥᠭᠦᠷᠢᠭ ᠲᠠᠷᠬᠠᠭᠠᠵᠠᠢ᠃ ᠡᠯ᠎ᠡ ᠲᠦᠷᠦᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠵᠤ᠂ ᠬᠥᠮᠥᠨ ᠬᠡᠷᠡᠭᠯᠡᠬᠦ ᠨᠢᠭᠡᠴᠢ ᠪᠣᠯᠣᠨ ᠠᠵᠢᠯ ᠡᠷᠢᠭᠰᠡᠳ ᠤᠨ ᠬᠤᠭᠤᠷᠣᠨᠳᠣᠬᠢ ᠬᠠᠷᠢᠯᠴᠠᠭᠠᠨ ᠤ | ᠬᠥᠭᠦᠷᠭᠡ ᠶᠢ ᠪᠠᠶᠢᠭᠤᠯᠵᠤ᠂ 2024 ᠣᠨ ᠳᠤ ᠠᠵᠢᠯᠲᠠᠨ ᠡᠯᠰᠡᠬᠦ ᠴᠤᠭᠯᠠᠭᠠᠨ ᠢ ᠨᠡᠶᠢᠳᠡ 152 ᠤᠳᠠᠭ᠎ᠠ | ᠥᠷᠨᠢᠭᠦᠯᠵᠦ᠂ 52938 ᠠᠵᠢᠯ ᠤᠨ ᠪᠠᠶᠢᠷᠢ ᠬᠠᠩᠭᠠᠪᠠ᠃ ᠰᠤᠯᠠ ᠠᠵᠢᠯ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ | ᠬᠠᠮᠢᠶᠠᠷᠬᠤ ᠪᠠ ︽ᠰᠦᠯᠵᠢᠶᠡᠨ ᠳᠡᠭᠡᠷᠡᠬᠢ ᠰᠤᠯᠠ ᠠᠵᠢᠯ ᠤᠨ ᠵᠠᠬ᠎ᠠ ᠳᠡᠯᠭᠡᠭᠦᠷ︾ ᠢ ᠨᠡᠭᠡᠭᠡᠨ ᠬᠥᠭᠵᠢᠭᠦᠯᠬᠦ ᠶᠢ | ᠦᠷᠭᠦᠯᠵᠢᠯᠡᠨ ᠠᠬᠢᠭᠤᠯᠵᠤ᠂ 20542 ᠠᠵᠢᠯ ᠤᠨ ᠪᠠᠶᠢᠷᠢ ᠬᠠᠩᠭᠠᠵᠤ᠂ 8623 ᠬᠥᠮᠥᠨ ᠡᠵᠢᠯ | ᠣᠯᠭᠤᠯᠳᠡ ᠶᠢᠨ ᠰᠠᠨᠠᠮᠵᠢ ᠲᠤᠬᠲᠠᠪᠠ᠃ | | |