ᠵᠢᠷᠦᠬᠡ ᠪᠠᠨ ᠨᠠᠩ ᠢᠯᠡᠬᠦᠤ ᠡᠷᠡᠭᠦᠯ ᠮᠡᠨᠳᠦ ᠪᠠᠶᠢᠯᠭᠠᠬᠤ 5 ᠳᠠᠳᠬᠠᠯ
ᠨᠡᠶᠢᠲᠡᠯᠡᠭᠰᠡᠨ ᠴᠠᠭ᠄
2025/2/17
     ᠣᠷᠴᠢᠮ ᠤᠨ ᠵᠢᠯ ᠤᠳ ᠲᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠨᠣᠷᠮ᠎ᠠ ᠠᠭᠠᠵᠢᠮ ᠢᠶᠠᠷ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ ᠡᠭᠦᠨ ᠤ ᠳᠣᠲᠣᠷ᠎ᠠ ᠵᠢᠷᠦᠬᠡᠨ ᠲᠢᠲᠢᠮ ᠤᠨ ᠡᠪᠡᠳᠴᠢᠨ ᠤ ᠨᠢᠭᠡ ᠶᠡᠭᠡ ᠠᠶᠤᠯᠲᠤ ᠡᠯᠧᠮᠧᠨ᠋ᠲ ᠪᠣᠯ ᠲᠢᠲᠢᠮᠯᠢᠭ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠴᠢᠨᠠᠷᠳᠠᠢ ᠵᠢᠷᠦᠭᠡᠨ ᠡᠪᠡᠳᠴᠢᠨ ᠪᠦᠷᠢᠯᠳᠦᠬᠦ ᠪᠣᠯᠤᠨ᠎ᠠ᠂ ᠲᠡᠭᠦᠨ ᠤ ᠭᠤᠣᠯ ᠰᠢᠯᠲᠠᠭᠠᠨ ᠨᠢ ᠴᠢᠰᠤᠨ ᠰᠤᠳᠠᠯ ᠤᠨ ᠲᠤᠳᠤᠷ ᠬᠦᠷᠦᠰᠦ ᠬᠡᠮᠳᠦᠭᠰᠡᠨ ᠠᠴᠠ ᠪᠤᠯᠤᠬᠰᠠᠨ ᠶᠤᠮ᠃ ᠡᠨᠡ ᠬᠦ ᠡᠪᠡᠳᠴᠢᠨ ᠤ ᠵᠦᠢ ᠶᠢᠨ ᠶᠠᠪᠤᠴᠠ ᠨᠢ ᠴᠢᠮᠡᠭᠡ ᠠᠨᠢᠷ ᠦᠭᠡᠢ ᠪᠣᠯᠪᠠᠴᠤ ᠵᠢᠷᠦᠬᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠰᠦᠷᠳᠡᠭᠦᠯᠦᠯ ᠪᠣᠯᠳᠠᠭ᠃ ᠡᠭᠦᠨ ᠠᠴᠠ ᠭᠠᠳᠠᠨ᠎ᠠ᠂ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ᠂ ᠴᠢᠰᠤᠨ ᠥᠭᠡᠬᠦ ᠥᠨᠳᠥᠷ᠂ ᠲᠠᠮᠠᠬᠢ ᠲᠠᠲᠠᠬᠤ᠂ ᠮᠠᠷᠢᠶᠠᠯᠠᠬᠤ᠂ ᠰᠦᠨᠢ ᠲᠦᠯᠢᠬᠦ᠂ ᠳᠠᠷᠤᠯᠲᠠ ᠶᠡᠭᠡ᠂ ᠮᠠᠭᠤ ᠢᠳᠡᠭᠡᠨ ᠤᠮᠳᠠᠭᠠᠨ ᠢᠳᠡᠬᠦ᠂ ᠵᠢᠷᠮᠦᠰᠦᠯᠡᠬᠦ ᠶᠢ ᠬᠤᠷᠢᠭᠯᠠᠬᠤ ᠡᠮ ᠤᠤᠭᠤᠬᠤ ᠵᠡᠷᠭᠡ ᠡᠯᠧᠮᠧᠨ᠋ᠲ ᠨᠢ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠦᠨ᠎ᠡ᠃      ᠡᠩ ᠤᠨ ᠣᠢᠶ᠎ᠠ ᠳᠤ ᠶᠠᠭᠠᠬᠢᠵᠤ ᠵᠢᠷᠦᠬᠡ ᠪᠠᠨ ᠬᠠᠮᠠᠭᠠᠯᠠᠬᠤ ᠪᠣᠢ︖      1. ᠰᠠᠶᠢᠨ ᠤᠨᠲᠠᠬᠤ ᠬᠡᠷᠡᠭᠳᠡᠢ᠃ ᠤᠨᠳᠠᠬᠰᠠᠨ ᠪᠠᠶᠢᠳᠠᠯ ᠲᠤᠣᠷ᠎ᠠ᠂ ᠬᠦᠮᠦᠨ ᠤ ᠵᠢᠷᠦᠬᠡ ᠰᠡᠷᠭᠡᠭ ᠪᠠᠶᠢᠬᠤ ᠦᠶ᠎ᠡ ᠶᠢᠨ ᠬᠢ ᠠᠴᠠ ᠪᠠᠨ ᠮᠢᠨᠦ᠋ᠲ ᠪᠦᠷᠢ ᠳᠤ 10 ~ 30 ᠤᠳᠠᠭ᠎ᠠ ᠳᠤᠲᠠᠭᠤ ᠴᠤᠬᠢᠯᠳᠠᠭ᠃ ᠤᠷᠲᠤ ᠬᠤᠭᠤᠴᠠᠭ᠎ᠠ ᠪᠠᠷ ᠰᠦᠨᠢ ᠲᠦᠯᠢᠪᠡᠯ ᠪᠣᠳᠠᠰ ᠤᠨ ᠰᠣᠯᠢᠯᠴᠠᠭ᠎ᠠ ᠰᠠᠮᠠᠭᠤᠷᠠᠵᠤ᠂ ᠮᠡᠳᠡᠷᠡᠯ ᠬᠥᠭᠡᠷᠴᠦ᠂ ᠵᠢᠷᠦᠬᠡᠨ ᠴᠣᠬᠢᠯᠭ᠎ᠠ ᠲᠦᠷᠭᠡᠰᠴᠦ᠂ ᠵᠢᠷᠦᠬᠡᠨ ᠤ ᠳᠠᠷᠤᠭᠠᠰᠤ ᠶᠢ ᠨᠡᠮᠡᠭᠳᠡᠭᠦᠯᠳᠡᠭ᠃ ᠡᠶᠢᠮᠦ ᠠᠴᠠ᠂ ᠵᠢᠷᠦᠬᠡ ᠶᠢ ᠬᠠᠮᠠᠭᠠᠯᠠᠬᠤ ᠳᠤ ᠡᠩ ᠲᠡᠷᠢᠭᠦᠨ ᠳᠤ ᠭᠦᠢᠴᠡᠳ ᠤᠨᠲᠠᠬᠤ ᠶᠢ ᠪᠠᠲᠤᠯᠠᠬᠤ ᠬᠡᠷᠡᠭᠲᠡᠶ᠃      2. ᠴᠢᠰᠤᠨ ᠳᠠᠷᠤᠯᠲᠠ ᠪᠠᠨ ᠬᠢᠵᠠᠭᠠᠷᠯᠠᠬᠤ ᠬᠡᠷᠡᠭᠳᠡᠢ᠃ ᠴᠢᠰᠤᠨ ᠳᠠᠷᠤᠯᠲᠠ ᠥᠨᠳᠥᠷ ᠪᠣᠯᠪᠠᠯ ᠵᠢᠷᠦᠬᠡᠨ ᠴᠣᠬᠢᠯᠭ᠎ᠠ ᠲᠦᠷᠭᠡᠰᠳᠡᠭ᠂ ᠴᠢᠰᠤᠨ ᠳᠠᠷᠤᠯᠲᠠ ᠤᠷᠲᠤ ᠬᠤᠭᠤᠴᠠᠭ᠎ᠠ ᠪᠠᠷ ᠲᠣᠭᠲᠠᠭᠤᠨ ᠪᠤᠰᠤ ᠪᠣᠯᠪᠠᠯ ᠵᠢᠷᠦᠬᠡᠨ ᠪᠤᠯᠴᠢᠩ ᠵᠤᠵᠠᠭᠠᠷᠠᠨ᠂ ᠵᠢᠷᠦᠬᠡᠨ ᠬᠤᠪᠲᠤᠯ ᠲᠣᠮᠣᠷᠠᠳᠠᠭ᠃ ᠡᠶᠢᠮᠦ ᠠᠴᠠ ᠵᠢᠷᠦᠬᠡ ᠶᠢ ᠬᠠᠮᠠᠭᠠᠯᠠᠬᠤ ᠶᠢᠨ ᠵᠠᠩᠭᠢᠯᠠᠭ᠎ᠠ ᠨᠢ ᠴᠢᠰᠤᠨ ᠳᠠᠷᠤᠯᠲᠠ ᠶᠢ ᠬᠢᠵᠠᠭᠠᠷᠯᠠᠬᠤ ᠶᠠᠪᠤᠳᠠᠯ ᠪᠣᠯᠤᠨ᠎ᠠ᠃      3. ᠲᠠᠮᠠᠬᠢ ᠪᠠᠨ ᠵᠣᠭᠰᠣᠬᠤ ᠬᠡᠷᠡᠭᠳᠡᠢ᠃ ᠬᠡᠳᠦᠶ ᠨᠠᠰᠤ ᠲᠠᠢ ᠴᠤ ᠬᠠᠮᠢᠶ᠎ᠠ ᠦᠭᠡᠢ ᠤᠷᠲᠤ ᠬᠤᠭᠤᠴᠠᠭ᠎ᠠ ᠪᠠᠷ ᠲᠠᠮᠠᠬᠢ ᠲᠠᠲᠠᠪᠠᠯ ᠵᠢᠷᠦᠬᠡᠨ ᠪᠤᠯᠴᠢᠩ ᠤᠨ ᠲᠦᠭᠵᠢᠷᠡᠯ ᠤᠨ ᠲᠦᠭᠰᠢᠭᠦᠷᠢ ᠶᠢ 7 ᠳᠠᠬᠢᠨ ᠨᠡᠮᠡᠭᠳᠡᠭᠦᠯᠳᠡᠭ᠃ ᠡᠶᠢᠮᠦ ᠠᠴᠠ᠂ ᠵᠢᠷᠦᠬᠡᠨ ᠤ ᠪᠠᠨ ᠡᠷᠡᠬᠦᠯ ᠮᠡᠨᠳᠦ ᠶᠢᠨ ᠲᠥᠯᠥᠭᠡ ᠬᠡᠵᠢᠶ᠎ᠡ ᠲᠠᠮᠠᠬᠢ ᠪᠠᠨ ᠵᠣᠭᠰᠣᠭᠰᠠᠨ ᠴᠤ ᠣᠷᠦ᠋ᠢᠲᠠᠬᠤ ᠦᠭᠡᠢ᠂ ᠪᠠᠰᠠ ᠬᠠᠭᠤᠴᠢᠨ ᠲᠠᠮᠠᠬᠢ ᠲᠠᠳᠠᠬᠤ ᠠᠴᠠ ᠵᠠᠶᠢᠯᠠᠰᠬᠢᠬᠦ ᠬᠡᠷᠡᠭᠲᠡᠶ᠃      4. ᠵᠣᠬᠢᠬᠤ ᠬᠡᠮᠵᠢᠶᠡᠨ ᠤ ᠬᠦᠴᠢᠯᠲᠥ᠋ᠷᠥᠭᠴᠢᠲᠦ ᠬᠥᠳᠡᠯᠭᠡᠭᠡᠨ ᠬᠢᠬᠦ ᠬᠡᠷᠡᠭᠳᠡᠢ᠃ ᠬᠦᠴᠢᠯᠲᠥ᠋ᠷᠥᠭᠴᠢᠲᠦ ᠬᠥᠳᠡᠯᠭᠡᠭᠡᠨ ᠨᠢ ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠵᠦ᠂ ᠵᠢᠷᠦᠬᠡᠨ ᠪᠤᠯᠴᠢᠩ ᠳᠤ ᠭᠦᠢᠴᠡᠳ ᠬᠦᠴᠢᠯᠲᠥ᠋ᠷᠥᠭᠴᠢ ᠬᠠᠩᠭᠠᠵᠤ᠂ ᠵᠢᠷᠦᠬᠡᠨ ᠤ ᠡᠷᠡᠭᠦᠯ ᠮᠡᠨᠳᠦ ᠶᠢ ᠬᠠᠮᠠᠭᠠᠯᠠᠳᠠᠭ᠃ ᠠᠭᠠᠵᠢᠮ ᠭᠦᠶᠦᠬᠦ᠂ ᠬᠤᠷᠳᠤᠨ ᠠᠯᠬᠤᠬᠤ᠂ ᠳᠤᠭᠤᠶ ᠤᠨᠤᠬᠤ᠂ ᠤᠮᠪᠠᠭ᠋ᠤ᠂ ᠪᠥᠮᠪᠦᠭᠡ ᠨᠠᠭᠠᠳᠬᠤ᠂ ᠨᠡᠷᠡᠬᠦᠢ ᠨᠢᠳᠤᠷᠭ᠎ᠠ᠂ ᠨᠠᠢᠮᠠᠲᠤ ᠬᠦᠳᠡᠯᠭᠡᠭᠡᠨ ᠵᠡᠷᠭᠡ ᠶᠢ ᠬᠢᠭᠡᠷᠡᠢ᠃      5. ᠬᠡᠲᠦᠷᠡᠲᠡᠯ᠎ᠡ ᠢᠳᠡᠵᠦ ᠤᠤᠭᠤᠵᠤ ᠪᠣᠯᠬᠤ ᠥᠬᠡᠶ᠃ ᠰᠤᠳᠤᠯᠭᠠᠨ ᠠᠴᠠ ᠦᠵᠡᠪᠡᠯ᠂ ᠬᠡᠲᠦᠷᠡᠲᠡᠯ᠎ᠡ ᠢᠳᠡᠵᠦ ᠤᠤᠭᠤᠭᠰᠠᠨ ᠬᠤᠶᠠᠷ ᠴᠠᠭ ᠤᠨ ᠳᠣᠲᠣᠷ᠎ᠠ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠤᠨ ᠲᠦᠭᠰᠢᠭᠦᠷᠢ 4 ᠳᠠᠬᠢᠨ ᠲᠡᠭᠡᠭᠰᠢᠯᠡᠳᠡᠭ᠂ ᠶᠡᠭᠡ ᠬᠡᠮᠵᠢᠶ᠎ᠡ ᠪᠠᠷ ᠠᠷᠢᠬᠢ ᠤᠤᠭᠤᠬᠤ ᠪᠤᠶᠤ ᠥᠭᠡᠬᠦ ᠶᠡᠬᠡᠲᠡᠶ ᠢᠳᠡᠭᠡᠨ ᠢᠳᠡᠪᠡᠯ ᠴᠢᠰᠤᠨ ᠤ ᠥᠭᠡᠬᠦ ᠶᠢ ᠥᠨᠳᠥᠷᠵᠢᠭᠦᠯᠵᠦ᠂ ᠴᠢᠰᠤ ᠶᠢ ᠥᠳᠬᠡᠷᠡᠭᠦᠯᠵᠤ᠂ ᠵᠢᠷᠦᠬᠡᠨ ᠪᠤᠯᠴᠢᠩ ᠤᠨ ᠲᠦᠭᠵᠢᠷᠡᠯ ᠤᠨ ᠲᠦᠭᠰᠢᠭᠦᠷᠢ ᠶᠢ ᠨᠡᠮᠡᠭᠳᠡᠭᠦᠯᠳᠡᠭ᠃ ᠡᠶᠢᠮᠦ ᠠᠴᠠ ᠢᠳᠡᠭᠡᠨ ᠤᠮᠳᠠᠭᠠᠨ ᠤ ᠬᠡᠪ ᠤᠨ ᠳᠠᠳᠬᠠᠯ ᠢ ᠪᠠᠷᠢᠮᠲᠠᠯᠠᠵᠤ᠂ ᠰᠢᠮ᠎ᠡ ᠲᠡᠵᠢᠭᠡᠯ ᠢᠶᠠᠨ ᠲᠡᠩᠴᠡᠭᠦᠯᠦᠨ᠂ ᠢᠯᠴᠢ ᠶᠢ ᠬᠢᠵᠠᠭᠠᠷᠯᠠᠵᠤ᠂ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号