ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ ᠤᠨ 1 ᠳ᠋ᠦ᠋ᠭᠡᠷ ᠰᠠᠷ᠎ᠠ ᠠᠴᠠ | ᠨᠠᠭᠠᠰᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ︕ ᠬᠠᠮᠲᠤ ᠪᠠᠷ | ᠦᠵᠡᠵᠡᠭᠡᠶ᠎ᠡ — | | ᠰᠤᠷᠭᠠᠨ ᠬᠥᠮᠦᠵᠢᠯ ᠤᠨ ᠲᠠᠯ᠎ᠠ ᠪᠠᠷ | | | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ | ᠬᠦᠲᠦᠯᠪᠦᠷᠢ ︵2024 — 2035 ᠣᠨ︶︾ ᠶᠢ ᠳᠠᠷᠤᠮᠠᠯᠯᠠᠨ ᠲᠠᠷᠬᠠᠭᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ︽ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵ | 2024 — 2035 ᠣᠨ︶︾ ᠶᠢ ᠳᠠᠷᠤᠮᠠᠯᠯᠠᠨ ᠲᠠᠷᠬᠠᠭᠠᠵᠤ᠂ ᠬᠤᠶᠠᠷ ᠠᠯᠬᠤᠮ ᠢᠶᠠᠷ ᠶᠠᠪᠤᠬᠤ ᠴᠠᠭ ᠤᠨ | ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ᠃ 2027 ᠣᠨ ᠪᠣᠯᠬᠤ ᠳᠤ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠣᠨ᠎ᠠ᠃ | 2035 ᠣᠨ ᠪᠣᠯᠬᠤ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ᠎ᠠ᠃ ︽ᠬᠥᠲᠥᠯᠪᠦᠷᠢ︾ ᠳᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠶᠢ ᠪᠠ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ ᠯᠤᠭ᠎ᠠ ᠤᠷᠭᠠᠨᠢᠭ ᠢᠶᠠᠷ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠭᠤᠯᠢ ᠶᠢᠨ ᠣᠯᠠᠨ ᠶᠠᠩᠵᠤᠴᠢᠯᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ | ᠮᠡᠳᠡᠬᠦ ᠡᠷᠬᠡ ᠣᠯᠭᠤᠨ᠎ᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ | ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠠᠵᠢᠯ ᠢ ᠰᠤᠳᠤᠯᠪᠠ᠃ ᠬᠤᠷᠠᠯᠳᠤᠭᠠᠨ ᠢᠶᠠᠷ᠂ ᠶᠡᠭᠡ ᠳᠡᠭᠡᠳᠦ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ | ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠤᠮᠢᠶ᠎ᠠ᠂ ᠰᠤᠷᠭᠠᠭᠤᠯᠢ ᠡᠷᠬᠢᠯᠡᠬᠦ ᠬᠡᠪ ᠵᠠᠭᠪᠤᠷ᠂ ᠵᠠᠰᠠᠯᠲᠠ ᠶᠢᠨ | ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ᠂ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠠᠨ ᠪᠣᠯᠭᠠᠵᠤ᠂ ᠶᠡᠭᠡ ᠳᠡᠭᠡᠳᠦ | ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ᠃ ᠰᠤᠷᠭᠠᠨ ᠬᠥᠮᠦᠵᠢᠯ ᠤᠨ | ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ | ᠳᠡᠭᠡᠳᠦ ᠰᠤᠷᠭᠠᠭᠤᠯᠢ ᠶᠢᠨ ᠣᠨᠴᠠᠯᠢᠭᠲᠤ ᠬᠥᠭᠵᠢᠯᠲᠡ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ | ᠰᠤᠳᠤᠯᠤᠯᠲᠠ ᠬᠢᠬᠦ ᠳᠤ ᠨᠢ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ᠂ ᠰᠤᠷᠭᠠᠨ ᠬᠥᠮᠦᠵᠢᠯ ᠤᠨ ᠶᠠᠮᠤᠨ | ᠪᠢᠴᠢᠭ ᠮᠠᠲ᠋ᠧᠷᠢᠶᠠᠯ ᠲᠠᠷᠬᠠᠭᠠᠪᠠ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠤᠨ ᠠᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠠᠯᠪᠠᠨ ᠵᠠᠷᠤᠳᠠᠯ ᠢᠶᠠᠷ ᠬᠥᠮᠥᠵᠢᠭᠦᠯᠬᠦ | ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ ᠵᠦᠢᠯ ᠳᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ ᠭᠡᠵᠦ ᠲᠣᠳᠣᠷᠬᠠᠢ | ᠲᠣᠭᠲᠠᠭᠠᠵᠠᠢ᠃ ᠪᠠᠭ᠎ᠠ ᠰᠤᠷᠭᠠᠭᠤᠯᠢ ᠨᠢᠭᠡ ᠪᠦᠷᠢ ᠳᠤ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠰᠣᠷᠣᠯᠴᠠᠭᠰᠠᠨ | ᠨᠠᠮᠲᠠᠷ ᠲᠠᠢ ᠮᠠᠰᠲ᠋ᠧᠷ ᠴᠤᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ ᠵᠠᠬ᠎ᠠ ᠳᠤ ᠪᠠᠨ 1 ᠪᠠᠶᠢᠬᠤ ᠶᠢ ᠠᠬᠢᠭᠤᠯᠤᠨ | ᠰᠤᠷᠭᠠᠭᠤᠯᠢ ᠨᠢᠭᠡ ᠪᠦᠷᠢ ᠳᠤ ᠰᠢᠨᠵᠢᠯᠡᠬᠦ ᠤᠬᠠᠭᠠᠨ ᠤ ᠳᠡᠳ᠋ ᠵᠠᠬᠢᠷᠤᠯ ᠨᠠᠭᠠᠲᠤ ᠵᠠᠬ᠎ᠠ ᠳᠤ ᠪᠠᠨ 1 ᠪᠠᠶᠢᠬᠤ ᠶᠢ ᠦᠨᠡᠨ ᠬᠦ | ᠪᠠᠲᠤᠯᠠᠨ᠎ᠠ᠃ | | | ᠠᠵᠢᠯ ᠣᠯᠭᠤᠯᠲᠠ ᠶᠢ ᠠᠬᠢᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ | | | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ | ᠥᠷᠨᠢᠭᠦᠯᠦᠨ᠎ᠡ ᠁ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠠᠵᠢᠯ ᠣᠯᠭᠤᠯᠲᠠ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ | ᠠᠵᠢᠯ ᠣᠯᠭᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ | ᠠᠬᠢᠭᠤᠯᠪᠠ᠃ ᠬᠤᠷᠠᠯᠳᠤᠭᠠᠨ ᠢᠶᠠᠷ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠲᠦᠷᠦ ᠶᠢᠨ | ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠢᠶᠠᠷ ᠬᠦᠴᠦᠨ ᠴᠢᠳᠠᠮᠵᠢ ᠶᠢ ᠨᠢ ᠡᠷᠴᠢᠮᠯᠡᠬᠦ᠂ ᠦᠢᠯᠡᠴᠢᠯᠡᠭᠡ ᠪᠠᠷ ᠬᠦᠴᠦᠨ | ᠨᠡᠮᠡᠷᠢᠯᠡᠬᠦ ᠶᠢ ᠴᠢᠩᠭᠠᠳᠬᠠᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ᠃ | ᠠᠵᠢᠯ ᠣᠯᠭᠤᠬᠤ ᠠᠵᠢᠯ ᠤᠨ ᠪᠠᠶᠢᠷᠢ ᠶᠢᠨ ᠲᠠᠯᠳᠠ ᠬᠦᠴᠦᠨ ᠢ ᠨᠢ ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ | ᠬᠦᠴᠦᠯᠡᠨ ᠬᠢᠬᠦ ᠬᠡᠷᠡᠭᠲᠡᠢ᠃ ᠭᠤᠣᠯᠳᠠᠯᠭ᠎ᠠ ᠪᠣᠯᠬᠤ ᠬᠦᠮᠦᠰ ᠲᠤ ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ | ᠨᠡᠮᠡᠭᠳᠡᠭᠦᠯᠵᠦ᠂ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠨᠢ ᠥᠷᠭᠡᠳᠬᠡᠬᠦ ᠲᠤᠰᠬᠠᠢ | ᠵᠦᠢᠯ ᠤᠨ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ ᠴᠣᠭᠴᠠᠯᠠᠬᠤ ᠶᠢ | ᠬᠦᠴᠦᠯᠡᠨ ᠳᠡᠮᠵᠢᠬᠦ ᠶᠢ ᠨᠢ ᠠᠬᠢᠭᠤᠯᠵᠤ᠂ ᠠᠵᠢᠯ ᠤᠨ ᠪᠠᠶᠢᠷᠢ ᠶᠢ ᠨᠢ ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ | ᠨᠥᠬᠦᠪᠦᠷᠢ ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠦᠷᠭᠡᠳᠬᠡᠬᠦ ᠬᠡᠷᠡᠭᠲᠡᠢ᠃ ᠶᠡᠭᠡ ᠬᠡᠪᠴᠢᠶᠡᠨ ᠤ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠵᠣᠷᠢᠭᠤᠳᠠ ᠪᠠᠷ ᠴᠠᠯᠢᠩ ᠥᠷᠢᠲᠦᠬᠦ ᠶᠢ | ᠴᠢᠩᠭ᠎ᠠ ᠵᠠᠯᠬᠠᠭᠠᠨ ᠰᠢᠢᠳᠬᠡᠵᠦ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ | 1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ | ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠴᠠᠯᠢᠩ ᠥᠷᠢᠲᠦᠬᠦ ᠲᠣᠪᠤᠶᠢᠮ᠎ᠠ ᠠᠰᠠᠭᠤᠳᠠᠯ ᠢ ᠴᠡᠭᠴᠡᠯᠡᠨ | ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠨᠢ ᠰᠠᠭᠠᠳ | ᠦᠭᠡᠢ ᠨᠠᠪᠲᠠᠷᠡᠭᠦᠯᠵᠦ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ᠂ ᠥᠷᠭᠡᠨ ᠣᠯᠠᠨ | ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠣᠷᠳᠣᠨ ᠪᠠ ᠲᠥᠪ ᠤᠨ ᠠᠵᠤ ᠠᠬᠤᠶᠢᠯᠠᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠳ ᠢ ᠵᠢᠯᠣᠭᠤᠳᠴᠤ | ᠪᠠᠶᠢᠭᠠᠳ ᠬᠥᠯᠥᠰᠦᠨ ᠠᠵᠢᠯᠴᠢᠳ ᠲᠤ ᠴᠠᠯᠢᠩ ᠥᠭᠬᠦ ᠶᠢ ᠨᠢ ᠤᠷᠢᠳ ᠢᠶᠠᠷ ᠪᠠᠲᠤᠯᠠᠬᠤ ᠪᠠ ᠴᠠᠯᠢᠩ ᠥᠷᠢᠲᠦᠬᠦ ᠶᠢ | ᠲᠦᠷᠦᠭᠦᠯᠡᠨ ᠴᠡᠪᠡᠷᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠴᠠᠯᠢᠩ ᠥᠷᠢᠲᠦᠵᠦ ᠪᠠᠶᠢᠭ᠎ᠠ ᠶᠢ ᠨᠢ | ᠬᠠᠤᠯᠢ ᠶᠣᠰᠣᠭᠠᠷ ᠰᠢᠪᠠᠳᠠᠭᠤᠯᠵᠤ ᠪᠠᠶᠢᠭᠠᠳ ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ᠃ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠭᠠᠳ ᠢᠲᠡᠭᠡᠯ | ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠤᠨ ᠨᠡᠷᠡᠰ ᠢ | ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠦᠨ᠂ ᠰᠢᠪᠠᠳᠠᠭᠤᠯᠤᠨ ᠵᠢᠯᠤᠭᠤᠳᠬᠤ ᠪᠠᠨ ᠦᠨᠡᠨ ᠬᠦ ᠴᠢᠩᠭᠠᠳᠬᠠᠬᠤ ᠶᠢ | ᠱᠠᠭᠠᠷᠳᠠᠪᠠ᠃ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ 2025 ᠣᠨ ᠤ ᠨᠢᠭᠡᠳᠦᠭᠡᠷ ᠪᠦᠯᠦᠭ ᠤᠨ | ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ﹀ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ︾ ᠶᠢ | ᠳᠠᠷᠤᠮᠠᠯᠯᠠᠨ ᠶᠠᠪᠤᠭᠤᠯᠪᠠ᠂ ᠲᠡᠷᠡ ᠨᠢ ᠠᠵᠤ ᠠᠬᠤᠶᠢᠯᠠᠯ ᠤᠨ ᠵᠦᠢᠯᠡᠰ ᠪᠠ ᠬᠤᠪᠢ ᠬᠥᠮᠥᠨ ᠤ ᠵᠦᠢᠯᠡᠰ ᠤᠨ 12 ᠲᠠᠯ᠎ᠠ ᠶᠢ | ᠬᠠᠮᠤᠷᠴᠠᠢ᠂ ᠵᠢᠱᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶᠢᠰᠠ ᠡᠯᠭᠦᠬᠦ᠂ ᠬᠤᠪᠢ ᠬᠥᠮᠥᠨ ᠤ ᠦᠢᠯᠡᠰ ᠴᠣᠭᠴᠠᠯᠠᠬᠤ᠂ | ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ᠂ ᠭᠠᠳᠠᠭᠠᠳᠤ ᠶᠢᠨ ᠬᠥᠮᠥᠨ ᠳᠤᠮᠳᠠᠳᠤ ᠤᠯᠤᠰ ᠲᠤ ᠢᠷᠡᠵᠦ ᠠᠵᠢᠯᠯᠠᠬᠤ | ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠪᠠ ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ | ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ᠨᠢᠭᠡ ᠠᠵᠢᠯ ᠶᠠᠪᠤᠳᠠᠯ︾ ᠪᠣᠢ᠃ | ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ ᠮᠥᠴᠢᠷ ︽ | ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ | ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠢᠶᠠᠷ | ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠴᠠᠯᠢᠩ ᠤᠨ ᠬᠤᠪᠢᠶᠠᠷᠢᠯᠠᠯᠲᠠ ᠶᠢ ᠵᠠᠩᠭᠢᠯᠠᠭ᠎ᠠ ᠶᠢᠨ | ᠠᠵᠢᠯ ᠤᠨ ᠪᠠᠶᠢᠷᠢ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠤᠷ᠎ᠠ | ᠮᠡᠷᠭᠡᠰᠢᠯᠲᠦ ᠴᠢᠳᠠᠪᠤᠷᠢᠲᠠᠨ ᠲᠡᠶᠢᠰᠢ ᠬᠡᠯᠪᠠᠶᠢᠯᠭᠡᠬᠦ ᠶᠢ ᠠᠬᠢᠭᠤᠯᠪᠠ᠃ | | | ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ ᠪᠠᠷ | | | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ | ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠳᠤ ᠴᠢᠳᠠᠪᠤᠷᠢ ᠪᠠᠨ ᠠᠯᠳᠠᠭᠰᠠᠨ | ᠨᠠᠰᠤᠲᠠᠶᠢᠴᠤᠳ ᠢ ᠬᠠᠷᠠᠭᠠᠯᠵᠠᠬᠤ ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ᠃ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ ᠨᠥᠬᠦᠪᠦᠷᠢᠯᠡᠬᠦ ᠬᠡᠷᠡᠭᠲᠡᠢ ᠬᠡᠮᠡᠨ | ᠱᠠᠭᠠᠷᠳᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ | ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠥᠭᠵᠢᠭᠦᠯᠬᠦ ᠵᠡᠷᠭᠡ | ᠠᠷᠭ᠎ᠠ ᠪᠠᠷᠢᠯ ᠢ ᠳᠤᠷᠠᠳᠪᠠ᠃ | ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ︕ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠤ ᠪᠠᠶᠢᠷᠢᠯᠠᠭᠤᠯᠤᠯᠲᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ | ᠭᠠᠷᠭᠠᠬᠤ ᠳᠤ ᠪᠠᠨ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠶᠢ | ᠠᠭᠤᠰᠤᠯᠴᠠᠭᠤᠯᠤᠨ ᠭᠥᠭᠵᠢᠭᠦᠯᠬᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ᠂ ᠤᠯᠠᠨ ᠲᠦᠮᠡᠨ ᠤ ᠡᠷᠡᠭᠦᠯ | ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ | ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ | ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠢᠯᠡᠭᠦᠦ ᠳᠦᠬᠦᠮᠯᠡᠬᠦ ᠬᠡᠷᠡᠭᠲᠡᠢ᠃ | ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ | ᠡᠮᠴᠢᠯᠡᠭᠡᠨ ᠤ ᠰᠠᠯᠠᠭ᠎ᠠ ᠲᠠᠰᠤᠭ ᠤᠨ ᠲᠣᠬᠢᠷᠠᠭᠤᠯᠤᠯᠲᠠ ᠪᠠ ᠡᠮᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ | ᠪᠦᠷᠢᠨᠰᠢᠭᠦᠯᠵᠦ᠂ ᠦᠨᠳᠦᠰᠦᠨ ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ᠂ ᠡᠮᠨᠡᠯᠭᠡ ᠶᠢᠨ ᠠᠵᠢᠯᠲᠠᠳ ᠤᠨ | ᠪᠣᠯᠪᠠᠰᠤᠷᠠᠯ ᠢ ᠴᠢᠩᠭᠠᠳᠬᠠᠵᠤ᠂ ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ | ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ | ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 5 ᠲᠠᠯ᠎ᠠ ᠶᠢᠨ | 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ᠂ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ ᠭᠤᠤᠯᠳᠠᠯᠭ᠎ᠠ ᠪᠣᠯᠬᠤ ᠰᠢᠨ᠎ᠡ ᠡᠭᠦᠳᠦᠯᠲᠡ ᠶᠢᠨ ᠡᠮ ᠪᠠ | ᠡᠮᠴᠢᠯᠡᠭᠡᠨ ᠤ ᠪᠠᠭᠠᠵᠢ ᠬᠡᠷᠡᠭᠰᠡᠯ ᠲᠡᠶᠢᠰᠢ ᠨᠡᠩ ᠢᠯᠡᠭᠦᠦ ᠬᠡᠯᠪᠠᠶᠢᠯᠭᠡᠵᠦ᠂ ᠬᠢᠲᠠᠳ ᠡᠮ ᠤᠨ ᠰᠤᠳᠤᠯᠤᠨ ᠨᠡᠭᠡᠭᠡᠵᠦ | ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠬᠤᠪᠣᠷᠬᠠᠨ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠤᠨ ᠵᠦᠢᠯ᠂ ᠬᠡᠦᠬᠡᠳ ᠲᠤ ᠬᠡᠷᠡᠭᠯᠡᠬᠦ ᠡᠮ ᠤᠨ ᠵᠦᠢᠯ᠂ ᠬᠢᠮᠢ ᠶᠢᠨ ᠠᠩᠬᠠᠳᠠᠭᠴᠢ | ᠳᠠᠭᠤᠷᠢᠶᠠᠮᠠᠯ ᠡᠮ ᠵᠢᠴᠢ ᠲᠤᠰᠠᠭᠠᠷ ᠨᠠᠶᠢᠷᠠᠭᠰᠠᠨ ᠬᠢᠲᠠᠳ ᠡᠮ ᠤᠨ ᠲᠥᠷᠥᠯ ᠳᠤ ᠵᠣᠬᠢᠬᠤ ᠬᠡᠪᠴᠢᠶᠡᠨ ᠳᠤ ᠵᠠᠬ᠎ᠠ | ᠳᠡᠯᠭᠡᠭᠦᠷ ᠢ ᠭᠠᠭᠴᠠᠭᠠᠷ ᠡᠵᠡᠯᠡᠬᠦ ᠬᠤᠭᠤᠴᠠᠭ᠎ᠠ ᠣᠯᠭᠤᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠦᠩᠭᠦ ᠶᠢ ᠴᠤᠴᠠᠯᠬᠤ ᠪᠠ | ᠵᠢᠷᠤᠮᠵᠢᠭᠤᠯᠵᠤ᠂ 3 ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ᠂ 2025 ᠣᠨ ᠤ | 3 ᠳ᠋ᠤᠭᠠᠷ ᠰᠠᠷ᠎ᠠ ᠠᠴᠠ ᠡᠬᠢᠯᠡᠨ᠂ ᠪᠥᠬᠦ ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠵᠤ᠂ ᠡᠮᠨᠡᠯᠭᠡ ᠳᠤ ᠰᠠᠭᠤᠬᠤ ᠤᠷᠢᠳᠴᠢᠯᠠᠨ | ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠤ ᠬᠤᠪᠢ | ᠬᠥᠮᠦᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ᠃ | 2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ | ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠴᠠᠭ ᠲᠤᠬᠠᠶ ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ 2025 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ 80% ᠣᠷᠴᠢᠮ ᠤᠨ ᠭᠠᠵᠠᠷ | ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ | 2026 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ ᠪᠣᠶ ᠪᠥᠬᠦᠶ ᠭᠠᠵᠠᠷ ᠣᠷᠣᠨ ᠳᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ | ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ | ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ | ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ | ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠶᠡᠭᠡ ᠪᠠᠷ | ᠰᠠᠶᠢᠲᠤᠷ ᠬᠢᠬᠦ ᠶᠢ ᠲᠣᠳᠣᠷᠬᠠᠶ ᠲᠣᠭᠲᠠᠭᠠᠵᠤ᠂ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ ᠶᠢ ᠦᠨᠡᠨ ᠬᠦ | ᠪᠠᠲᠤᠯᠠᠨ᠎ᠠ᠃ ᠬᠡᠲᠦ ᠲᠣᠮᠣ ᠬᠤᠲᠠ᠂ ᠣᠨᠴᠠ ᠶᠡᠭᠡ ᠬᠤᠲᠠ ᠳᠤ ᠠᠮᠢᠳᠤᠯᠢᠭ ᠢᠶᠠᠷ ᠠᠵᠢᠯ ᠣᠯᠤᠭᠰᠠᠳ ᠠᠵᠢᠯ ᠣᠯᠤᠭᠰᠠᠨ | ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ | ᠴᠤᠴᠠᠯᠬᠤ ᠶᠢ ᠠᠬᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ | ︽ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠠᠯᠪᠠᠨ ᠲᠢᠩᠬᠢᠮ ᠤᠳ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠳᠤ | ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠨᠤᠭᠤᠳ ᠤᠨ | ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠳᠤ ᠲᠥᠬᠦᠮ ᠨᠥᠬᠦᠴᠡᠯ ᠡᠭᠦᠳᠴᠦ᠂ ᠰᠤᠷᠤᠭᠴᠢᠳ ᠤᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠡᠦᠬᠡᠳ ᠲᠤ ᠨᠦᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠠᠬᠢᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ᠦᠷᠡᠵᠢᠯ ᠳᠤ | ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ | 2030 ᠣᠨ ᠪᠣᠯᠬᠤ ᠳᠤ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠥᠩᠭᠡᠵᠢᠯ ᠤᠨ ᠡᠮᠴᠢᠯᠡᠭᠡᠨ ᠤ | ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠬᠡᠤᠬᠡᠳ ᠲᠤ | ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠥᠷᠨᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ | 2030 ᠣᠨ ᠪᠣᠯᠬᠤ ᠳᠤ᠂ ᠬᠡᠤᠬᠡᠳ ᠲᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠡᠤᠬᠡᠳ ᠤᠨ ᠡᠮᠴᠢᠯᠡᠭᠡ | ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠬᠡᠤᠬᠡᠳ ᠤᠨ ᠡᠮᠨᠡᠯᠭᠡ ᠶᠢᠨ | ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶᠠᠨ ᠳᠠᠬᠢ ᠡᠵᠡᠯᠡᠬᠦ ᠬᠠᠷᠢᠴᠠᠯ ᠢ | 90% ᠠᠴᠠ ᠳᠡᠭᠡᠭᠰᠢ ᠳᠤ ᠬᠦᠷᠭᠡᠬᠦ ᠪᠣᠯᠤᠮᠵᠢ ᠲᠠᠢ᠃ |