2024 ᠣᠨ ᠳᠤ᠂ ᠰᠢᠯᠢ ᠶᠢᠨ ᠭᠤᠣᠯ ᠠᠶᠢᠮᠠᠭ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠵᠢᠴᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠶᠡᠭᠡ ᠲᠦᠬᠦᠮ ᠦᠵᠡᠭᠦᠯᠪᠡ᠃ | ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠤᠤᠭᠤᠬᠤ ᠤᠰᠤᠨ ᠤ ᠪᠠᠲᠤᠯᠠᠭ᠎ᠠ ᠶᠢᠨ ᠳᠤᠲᠠᠭᠤᠳᠠᠯ ᠢ ᠴᠢᠩᠭ᠎ᠠ | ᠠᠩᠬᠠᠷᠴᠤ᠂ ᠣᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠢᠳᠡᠪᠬᠢᠲᠡᠢ ᠠᠬᠢᠭᠤᠯᠪᠠ᠃ ᠲᠠᠶᠢᠹᠤᠰᠧ ᠬᠤᠰᠢᠭᠤᠨ ᠤ | ᠪᠤᠤᠴᠠᠩ ᠪᠠᠯᠭᠠᠰᠤᠨ ᠤ ᠶᠸᠦ ᠢ ᠲᠣᠰᠬᠤᠨ ᠳᠤ ᠨᠢᠳᠤᠨᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠨ᠋ ᠲᠦᠭᠡᠭᠡᠯ ᠤᠰᠤ ᠨᠡᠪᠲᠡᠷᠡᠭᠦᠯᠵᠦ ᠦᠭᠭᠦᠭᠰᠡᠨ ᠠᠴᠠ | ᠤᠰᠤᠨ ᠤ ᠴᠢᠨᠠᠷ ᠤᠨ ᠠᠰᠠᠭᠤᠳᠠᠯ ᠢ ᠰᠶᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠡᠳᠦᠷ ᠲᠤᠲᠤᠮ ᠤᠨ | ᠠᠮᠢᠳᠤᠷᠠᠯ ᠳᠤ ᠮᠠᠰᠢ ᠶᠡᠭᠡ ᠲᠥᠬᠦᠮ ᠦᠵᠡᠭᠦᠯᠵᠦ᠂ ᠳᠤᠰᠬᠤᠨ ᠤ ᠠᠷᠠᠳ ᠤᠯᠠᠨ ᠳᠤᠩ ᠰᠡᠳᠬᠢᠯ ᠬᠠᠨᠤᠮᠵᠢᠳᠠᠢ | ᠪᠠᠶᠢᠯ᠎ᠠ᠃ ᠪᠦᠷᠢᠳᠬᠡᠯ ᠢ ᠦᠨᠳᠦᠰᠦᠯᠡᠪᠡᠯ᠂ 2024 ᠣᠨ ᠳᠤ ᠲᠠᠶᠢᠹᠤᠰᠧ ᠬᠤᠰᠢᠭᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠢ ᠨᠡᠶᠢᠲᠡ 344 ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠤᠰᠤ ᠤᠮᠳᠠ ᠶᠢᠨ | ᠠᠮᠤᠷ ᠲᠦᠪᠰᠢᠨ ᠤ ᠠᠰᠠᠭᠤᠳᠠᠯ ᠢ ᠰᠶᠢᠳᠪᠦᠷᠢᠯᠡᠵᠠᠢ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠨᠢ ᠪᠠᠰᠠ ᠪᠦᠬᠦ ᠠᠶᠢᠮᠠᠭ ᠤᠨ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠴᠢᠬᠤᠯᠠ ᠨᠢᠭᠡ | ᠭᠤᠭᠴᠤᠭ᠎ᠠ ᠪᠣᠯᠣᠨ᠎ᠠ᠃ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠷᠢᠯᠭ᠎ᠠ ᠶᠢ | ᠰᠡᠯᠪᠢᠨ ᠵᠠᠰᠠᠬᠤ᠂ ᠵᠠᠮ ᠢ ᠰᠢᠨᠡᠳᠬᠡᠬᠦ᠂ ᠪᠣᠷᠣᠭᠠᠨ ᠪᠠ ᠪᠣᠬᠢᠷᠲᠤᠯ ᠣᠰᠣ ᠶᠢ ᠰᠠᠯᠭᠠᠬᠤ ᠵᠡᠷᠭᠡ ᠲᠦᠷᠦᠯ ᠵᠦᠢᠯ ᠢ | ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠣᠷᠣᠰᠢᠨ ᠰᠠᠭᠤᠷᠢᠰᠢᠬᠤ ᠳᠤ ᠨᠡᠩ | ᠢᠯᠡᠭᠦᠦ ᠲᠣᠬᠢᠷᠠᠮᠵᠢᠲᠠᠢ ᠪᠣᠯᠭᠠᠪᠠ᠃ 2024 ᠣᠨ ᠳᠤ ᠰᠢᠯᠢ ᠶᠢᠨ ᠬᠤᠲᠠ᠂ ᠪᠠᠷᠠᠭᠤᠨ ᠦᠵᠦᠮᠦᠴᠢᠨ ᠬᠤᠰᠢᠭᠤ᠂ | ᠲᠠᠶᠢᠹᠦᠰᠧ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨ ᠨᠤᠤᠷ ᠰᠢᠶᠠᠨ ᠵᠡᠷᠭᠡ 5 ᠭᠠᠵᠠᠷ ᠣᠷᠣᠨ ᠳᠤ | 79 ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠲᠥᠯᠥᠪᠯᠡᠭᠡ ᠶᠢ ᠪᠡᠶᠡᠯᠡᠭᠦᠯᠵᠦ᠂ 6939 ᠡᠷᠦᠬᠡ ᠳᠤ ᠠᠰᠢᠭ ᠬᠦᠷᠲᠡᠭᠡᠪᠡ᠃ ᠡᠭᠦᠨ ᠤ ᠬᠠᠮᠲᠤ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠶᠢᠳᠪᠦᠷᠢᠯᠡᠬᠦ ᠰᠢᠰᠲ᠋ᠧᠮ ᠢ ᠴᠦ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ | ᠪᠥᠬᠦ ᠠᠶᠢᠮᠠᠭ ᠤᠨ ᠬᠢᠨ ︽ᠥᠷᠭᠡᠨ ᠪᠦᠰᠡᠲᠦ ᠰᠢᠯᠢ ᠶᠢᠨ ᠭᠤᠣᠯ ᠠᠶᠢᠮᠠᠭ︾ ︽ᠴᠠᠬᠢᠯᠭᠠᠨ ᠬᠤᠯᠪᠣᠭᠠᠨ ᠤ | ᠲᠦᠭᠡᠮᠡᠯ ᠦᠢᠯᠡᠴᠢᠯᠡᠭᠡ ᠶᠢᠨ 4G ᠰᠦᠯᠵᠢᠶᠡᠨ ᠤ ᠲᠤᠷᠰᠢᠯᠲᠠ ᠶᠢᠨ ᠴᠡᠭ︾ ︽ᠣᠶᠤᠨᠲᠤ ᠷᠠᠳᠢᠣ᠋ ᠲᠧᠯᠸᠢᠰ ᠢᠶᠠᠷ | ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ︾ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠪᠥᠬᠦ ᠠᠶᠢᠮᠠᠭ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ | 2024 ᠣᠨ ᠳᠤ᠂ ᠪᠥᠬᠦ ᠠᠶᠢᠮᠠᠭ ᠤᠨ 1600 ᠮᠠᠯᠵᠢᠬᠤ ᠲᠠᠷᠢᠶᠠᠯᠠᠬᠤ ᠡᠷᠦᠬᠡ᠂ 39 ᠵᠠᠰᠠᠭ ᠵᠠᠬᠢᠷᠭᠠᠨ ᠤ | ᠭᠠᠴᠠᠭᠠᠨ ᠳᠤ ᠴᠠᠬᠢᠯᠭᠠᠨ ᠨᠠᠪᠲᠠᠷᠡᠭᠦᠯᠵᠦ᠂ 4193 ᠮᠠᠯᠵᠢᠬᠤ ᠡᠷᠦᠬᠡ ᠶᠢᠨ ᠰᠢᠨ᠎ᠡ ᠡᠨᠧᠷᠭᠢ ᠶᠢᠨ ᠴᠠᠬᠢᠯᠭᠠᠨ | ᠬᠠᠩᠭᠠᠬᠤ ᠰᠢᠰᠲ᠋ᠧᠮ ᠢ ᠲᠠᠰ ᠳᠡᠪᠰᠢᠭᠦᠯᠪᠡ᠃ ᠡᠭᠦᠨ ᠤ ᠬᠠᠮᠲᠤ 5G ᠶᠢᠨ ᠰᠠᠭᠤᠷᠢ ᠥᠷᠲᠡᠭᠡ ᠶᠢ 578᠂ | ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠲᠤᠷᠰᠢᠯᠲᠠ ᠶᠢᠨ ᠴᠡᠭ ᠤᠨ ᠲᠥᠷᠥᠯ | ᠵᠦᠢᠯ ᠤᠨ 93 ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠤ᠂ ᠰᠤᠮᠤ ᠰᠢᠶᠠᠩ ︵ᠪᠠᠯᠭᠠᠰᠤ︶ ᠵᠢᠴᠢ | ᠲᠡᠭᠦᠨ ᠠᠴᠠ ᠳᠡᠭᠡᠭᠰᠢᠬᠢ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ 5G ᠰᠦᠯᠵᠢᠶ᠎ᠡ ᠶᠢ ᠪᠦᠬᠦᠨ ᠢ | ᠪᠦᠷᠬᠦᠭᠦᠯᠵᠦ᠂ 5G ᠰᠦᠯᠵᠢᠶᠡᠨ ᠤ ᠬᠥᠮᠥᠨ ᠠᠮᠠ ᠶᠢᠨ ᠪᠦᠷᠬᠦᠴᠡ ᠶᠢᠨ ᠨᠣᠷᠮ᠎ᠠ ᠶᠢ 63% ᠳᠤ ᠬᠦᠷᠭᠡᠪᠡ᠃ | |