ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 15 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ 38 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ ᠤᠯᠤᠰ ᠤᠳ ᠤᠨ | ᠬᠤᠯᠪᠣᠭ᠎ᠠ ᠶᠢᠨ ᠲᠦᠷᠦᠭᠦᠴᠦᠳ ᠤᠨ ᠬᠤᠷᠠᠯ ᠳᠤ ᠴᠠᠬᠢᠯᠭᠠᠨ ᠴᠢᠮᠡᠭᠡ ᠶᠠᠪᠤᠭᠤᠯᠵᠤ᠂ ᠠᠹᠷᠢᠺᠠ ᠲᠢᠪ ᠤᠨ ᠤᠯᠤᠰ ᠤᠳ | ᠪᠣᠯᠤᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ | ᠰᠢ ᠶᠢᠨ ᠫᠢᠩ᠂ ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ | ᠤᠯᠤᠰ ᠪᠣᠯᠤᠨ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ | ᠢᠯᠡᠷᠭᠡᠢ ᠪᠤᠵᠠᠭᠠᠶᠢᠷᠠᠪᠠ᠃ ᠥᠩᠭᠡᠷᠡᠭᠰᠡᠨ ᠨᠢᠭᠡ ᠵᠢᠯ ᠳᠤ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠠᠹᠷᠢᠺᠠ | ᠲᠢᠪ ᠤᠨ ᠤᠯᠤᠰ ᠤᠳ ᠢ ᠪᠦᠯᠬᠦᠮᠳᠡᠭᠦᠯᠦᠨ ᠳᠠᠭᠠᠭᠤᠯᠵᠤ᠂ ᠨᠢᠭᠡ ᠴᠤᠬᠴᠠᠵᠢᠭᠤᠯᠬᠤ ᠪᠦᠲᠦᠭᠡᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠭᠠᠵᠠᠷ ᠣᠷᠣᠨ ᠪᠠ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠢᠳᠡᠪᠬᠢᠲᠡᠢ | ᠠᠷᠭᠠᠴᠠᠭᠠᠵᠤ᠂ ︽ᠠᠹᠷᠢᠺᠠ ᠲᠢᠪ ᠤᠨ ᠳᠠᠭᠤᠨ︾ ᠢ ᠨᠢᠭᠡᠳᠦᠯᠲᠡᠢ ᠳᠤᠷᠠᠳᠴᠤ᠂ ᠠᠹᠷᠢᠺᠠ ᠲᠢᠪ ᠤᠨ ᠳᠡᠯᠡᠬᠡᠢ ᠳᠡᠭᠡᠷᠡᠬᠢ | ᠪᠠᠶᠢᠷᠢ ᠰᠠᠭᠤᠷᠢ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠹᠷᠢᠺᠠ ᠲᠢᠪ ᠤᠨ ᠤᠯᠤᠰ ᠪᠣᠯᠤᠨ | ᠠᠷᠠᠳ ᠲᠦᠮᠡᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠥᠭᠵᠢᠨ ᠮᠠᠨᠳᠤᠬᠤ ᠵᠠᠮ ᠳᠡᠭᠡᠷ᠎ᠡ ᠲᠠᠰᠤᠷᠠᠯᠲᠠ ᠦᠭᠡᠢ ᠨᠡᠩ ᠶᠡᠭᠡ | ᠰᠢᠨ᠎ᠡ ᠠᠮᠵᠢᠯᠲᠠ ᠤᠯᠬᠤ ᠶᠢ ᠴᠢᠩ ᠰᠡᠳᠭᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ 2024 ᠣᠨ ᠪᠣᠯ ᠳᠤᠮᠳᠠᠳᠤ ᠠᠹᠷᠢᠺᠠ ᠶᠢᠨ ᠬᠠᠷᠢᠯᠴᠠᠭ᠎ᠠ ᠥᠷᠨᠢᠭᠦᠨ ᠬᠥᠭᠵᠢᠭᠰᠡᠨ ᠨᠢᠭᠡ ᠵᠢᠯ | ᠪᠣᠯᠤᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠪᠣᠯᠤᠨ ᠠᠹᠷᠢᠺᠠ ᠲᠢᠪ ᠰᠢᠨ᠎ᠡ ᠴᠠᠭ ᠦᠶ᠎ᠡ ᠶᠢᠨ | ᠦᠷᠭᠦᠯᠵᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠳᠤ ᠦᠶ᠎ᠡ ᠶᠢ | ᠡᠬᠢᠯᠡᠭᠦᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠠᠭ ᠦᠶ᠎ᠡ ᠶᠢᠨ | ᠡᠮᠦᠨ᠎ᠡ ᠡᠩᠨᠡᠭᠡᠨ ᠳᠤ ᠦᠷᠭᠦᠯᠵᠢᠯᠡᠨ ᠵᠠᠮᠨᠠᠪᠠ᠃ ᠪᠢ ᠳᠤᠷᠠᠲᠠᠶ᠎ᠠ ᠠᠹᠷᠢᠺᠠ ᠲᠢᠪ ᠤᠨ ᠤᠯᠤᠰ ᠤᠳ ᠤᠨ ᠤᠳᠤᠷᠢᠳᠬᠤ | ᠬᠥᠮᠦᠰ ᠲᠠᠢ ᠬᠠᠮᠲᠤ ᠪᠠᠷ᠂ ᠳᠤᠮᠳᠠᠳᠤ ᠠᠹᠷᠢᠺᠠ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠵᠢᠷᠭᠤᠭᠠᠨ ᠶᠡᠭᠡ | ᠵᠣᠷᠢᠯᠲᠠ ᠪᠣᠯᠤᠨ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ | ᠦᠨᠡᠨ ᠪᠣᠳᠠᠲᠠᠢ ᠦᠷ᠎ᠡ ᠪᠦᠲᠦᠮᠵᠢ ᠪᠠᠷ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠪᠤᠶᠠᠨ | ᠦᠢᠯᠡᠳᠦᠨ᠎ᠡ ᠭᠡᠵᠦ ᠴᠢᠬᠤᠯᠠᠴᠢᠯᠠᠪᠠ᠃ |