ᠭᠦᠸᠧ ᠢᠦᠢ ᠹᠧᠩ ᠤᠯᠠᠭᠠᠨᠬᠠᠳᠠ ᠶᠢᠨ ᠬᠤᠩ ᠵᠶᠢ ᠬᠤᠪᠢ ᠤᠷᠤᠭᠤᠯᠤᠯᠳᠠ ᠶᠢ ᠡᠷᠭᠡᠰᠢᠶᠡᠭᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠭᠦᠸᠧ ᠳ᠋ᠦᠩ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠭᠦᠸᠧ ᠢᠦᠢ  ᠹᠧᠩ ᠰᠢᠯᠢ ᠶᠢᠨ ᠬᠤᠳᠠ ᠳᠤ ᠤᠯᠠᠭᠠᠨᠬᠠᠳᠠ ᠶᠢᠨ ᠬᠤᠩ ᠵᠶᠢ ᠬᠤᠪᠢ ᠤᠷᠤᠭᠤᠯᠤᠯᠳᠠ ᠶᠢ ᠡᠷᠭᠡᠰᠢᠶᠡᠭᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠭᠦᠸᠧ ᠳ᠋ᠦᠩ ᠲᠠᠢ ᠬᠡᠯᠡᠯᠴᠡᠭᠡ ᠬᠢᠪᠡ᠃      ᠭᠦᠸᠧ ᠢᠦᠢ  ᠹᠧᠩ ᠠᠴᠠ ᠯᠢ ᠭᠦᠸᠧ ᠳ᠋ᠦᠩ ᠨᠠᠷ ᠤᠨ ᠠᠶᠢᠯᠴᠢᠯᠠᠬᠤ ᠪᠠᠷ ᠢᠷᠡᠭᠰᠡᠨ ᠳᠤ ᠪᠠᠶᠠᠷᠯᠠᠨ ᠤᠭᠲᠤᠵᠦ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠰᠢᠯᠢ ᠶᠢᠨ ᠭᠤᠣᠯ ᠠᠶᠢᠮᠠᠭ ᠶᠠᠭ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠬᠢᠴᠠ ᠪᠠᠨ ᠲᠦᠷᠭᠡᠳᠬᠡᠵᠦ᠂ ᠬᠤᠲᠠ ᠶᠢᠨ ᠰᠢᠨᠡᠴᠢᠯᠡᠯᠲᠡ᠂ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ᠂ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠵᠡᠷᠭᠡ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠪᠠᠶᠢᠨ᠎ᠠ᠃ ᠬᠤᠩ ᠵᠶᠢ ᠪᠦᠯᠦᠭᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠪᠡᠯᠡ ᠨᠡᠶᠢᠯᠡᠭᠦᠯᠦᠨ ᠬᠤᠯᠢᠮᠠᠭ ᠥᠮᠴᠢᠯᠡᠯ ᠤᠨ ᠠᠵᠤ ᠠᠬᠤᠶᠢᠯᠠᠯ ᠢ ᠪᠠᠶᠢᠭᠤᠯᠤᠨ᠂ ᠭᠠᠷ ᠬᠤᠯᠪᠤᠨ ᠠᠵᠤ ᠠᠬᠤᠶᠢᠯᠠᠯ ᠤᠨ ᠪᠣᠳᠠᠲᠤ ᠬᠦᠴᠦᠨ ᠪᠣᠯᠣᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠣᠷᠣᠨ ᠨᠤᠲᠤᠭ ᠤᠨ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠣᠷᠣᠯᠴᠠᠨ᠂ ︽ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠣᠷᠣᠭᠤᠯᠤᠯᠲᠠ︾ ᠠᠴᠠ ︽ᠠᠵᠤ ᠦᠢᠯᠡᠰ ᠤᠨ ᠪᠡᠯᠡ ᠣᠷᠣᠭᠤᠯᠤᠯᠲᠠ︾ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠨ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ᠃      ᠯᠢ ᠭᠦᠸᠧ ᠳ᠋ᠦᠩ ᠢᠯᠡᠷᠭᠡᠶᠢᠯᠡᠭᠦ ᠳᠡᠭᠡᠨ᠂ ᠬᠤᠩ ᠵᠶᠢ ᠪᠦᠯᠦᠭᠯᠡᠯ ᠤᠨ ᠭᠤᠣᠯ ᠪᠣᠯᠬᠤ ᠲᠤᠬᠠᠶᠢᠯᠠᠭᠰᠠᠨ ᠠᠵᠢᠯ ᠨᠢ ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠥᠪᠡᠷᠰᠡᠳ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠯᠢᠮᠠᠭ ᠥᠮᠴᠢᠯᠡᠯ ᠤᠨ ᠠᠵᠤ ᠠᠬᠤᠶᠢᠯᠠᠯ ᠢ ᠬᠠᠮᠲᠤᠪᠠᠷ ᠲᠥᠯᠥᠪᠵᠢᠭᠦᠯᠦᠨ ᠪᠠᠶᠢᠭᠤᠯᠵᠤ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠢᠭᠡ ᠪᠦᠯᠦᠭ ᠰᠢᠯᠢᠳᠡᠭ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ ᠰᠢᠯᠢᠳᠡᠭ ᠢᠨᠵᠧᠨᠧᠷᠢᠩ ᠢ ᠪᠠᠶᠢᠭᠤᠯᠤᠨ᠂ ᠰᠢᠯᠢ ᠶᠢᠨ ᠭᠤᠣᠯ ᠠᠶᠢᠮᠠᠭ ᠤᠨ ᠪᠠᠷᠢᠯᠭ᠎ᠠ ᠶᠢᠨ ᠠᠵᠢᠯ ᠲᠦᠷᠦᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠡᠯᠡᠯᠴᠡᠭᠡ ᠬᠢᠬᠦ ᠳᠤ ᠣᠷᠣᠯᠴᠠᠪᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号