ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 19 ᠤ ᠡᠳᠦᠷ᠂ ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠭᠦᠸᠧ ᠢᠦᠢ ᠹᠧᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ᠂ ᠠᠷᠠᠳ ᠤᠨ ᠰᠡᠳᠬᠢᠯ ᠲᠠᠢ ᠬᠤᠯᠪᠣᠭᠳᠠᠵᠤ᠂ ᠨᠡᠶᠢᠭᠡᠮ ᠤᠨ ᠪᠠᠶᠢᠭᠤᠯᠤᠯᠲᠠ ᠶᠢᠨ ᠦᠨᠳᠦᠰᠦᠨ ᠪᠠᠳᠤᠯᠠᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠣᠨ᠎ᠠ᠃ ᠠᠷᠪᠠᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠪᠣᠯᠣᠨ ᠪᠦᠬᠦ ᠣᠷᠣᠨ ᠤ ᠠᠷᠠᠳ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠪᠠᠳᠤᠯᠠᠭ᠎ᠠ ᠶᠢᠨ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠠᠵᠢᠯ ᠢᠶᠠᠷ ᠠᠷᠠᠳ ᠤᠨ ᠠᠮᠢᠳᠤᠷᠠᠯ ᠳᠤ ᠨᠡᠩ ᠢᠯᠡᠭᠦᠦ ᠠᠰᠢᠭ ᠬᠦᠷᠲᠡᠭᠡᠵᠦ᠂ ᠠᠷᠠᠳ ᠤᠨ ᠭᠦᠴᠢᠷᠳᠡᠯ ᠢ ᠰᠶᠢᠳᠪᠦᠷᠢᠯᠡᠨ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠬᠡᠷᠡᠭᠲᠡᠢ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ  ᠰᠢᠰᠲ᠋ᠧᠮ ᠢ ᠲᠡᠭᠦᠯᠳᠡᠷᠵᠢᠭᠦᠯᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠵᠡᠮᠳᠡᠭ ᠬᠥᠮᠥᠰ᠂ ᠬᠦᠴᠢᠷᠳᠡᠯᠲᠡᠢ ᠬᠡᠦᠬᠡᠳ ᠵᠡᠷᠭᠡ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠵᠤ ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠤᠯᠠᠨ ᠳᠡᠰ ᠳᠠᠪᠬᠤᠷᠭ᠎ᠠ ᠤᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠭᠡᠷᠡᠭᠳᠡᠢ᠃ ᠣᠷᠣᠰᠢᠭᠤᠯᠭ᠎ᠠ᠂ ᠨᠢᠭᠦᠯᠡᠰᠦᠩᠭᠦᠢ ᠶᠢᠨ ᠦᠢᠯᠡᠰ ᠵᠡᠷᠭᠡ ᠨᠡᠶᠢᠭᠡᠮ ᠤᠨ ᠦᠨᠳᠦᠰᠦᠨ ᠦᠢᠯᠡᠴᠢᠯᠡᠭᠡ ᠶᠢ ᠪᠦᠬᠦ ᠬᠦᠴᠦᠨ ᠢᠶᠠᠷ ᠰᠠᠶᠢᠲᠤᠷ ᠬᠢᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠭᠦᠭᠵᠢᠯᠳᠡ ᠶᠢ ᠠᠬᠢᠭᠤᠯᠵᠤ᠂ ᠨᠡᠶᠢᠭᠡᠮ ᠤᠨ ᠬᠡᠷᠡᠭ ᠶᠠᠪᠤᠳᠠᠯ ᠪᠣᠯᠣᠨ ᠨᠡᠶᠢᠭᠡᠮ ᠤᠨ ᠵᠠᠰᠠᠯᠲᠠ ᠶᠢᠨ ᠠᠵᠢᠯ ᠤᠨ ᠭᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠠᠶᠢᠮᠠᠭ ᠤᠨ ᠳᠡᠳ᠋ ᠳᠠᠷᠤᠭ᠎ᠠ ᠵᠶᠢ ᠬᠦᠶ ᠯᠢ ᠬᠤᠷᠠᠯ ᠢ ᠡᠷᠭᠢᠯᠡᠪᠡ᠃ ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠭᠦᠷᠳᠡᠯ᠎ᠠ ᠬᠤᠷᠠᠯᠳᠤᠭᠤᠯᠪᠠ᠃                                                    ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号