ᠠᠶᠢᠮᠠᠭ ᠤᠨ ᠵᠠᠬᠢᠷᠭ᠎ᠠ 2025 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ 2025 ᠣᠨ ᠤ ᠠᠩᠬᠠᠳᠤᠭᠠᠷ ᠤᠳᠠᠭ᠎ᠠ ᠶᠢᠨ ᠪᠦᠬᠦᠳᠠ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠠᠶᠢᠮᠠᠭ ᠤᠨ ᠵᠠᠰᠠᠭ ᠤᠨ ᠣᠷᠳᠣᠨ ᠤ  ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠭ᠎ᠠ ᠶᠢᠨ ᠠᠶᠢᠮᠠᠭ ᠤᠨ ᠳᠠᠷᠤᠭ᠎ᠠ ᠭᠦᠸᠧ ᠢᠦᠢ ᠹᠧᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠵᠠᠰᠠᠭ ᠤᠨ ᠣᠷᠳᠣᠨ ᠤ  ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ᠃ ᠰᠤᠷᠲᠠᠯ ᠢᠯᠵᠢᠷᠡᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠰᠤᠷᠲᠠᠯ︾   ᠤᠨ ᠠᠰᠠᠭᠤᠳᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠤᠯᠠᠨ ᠨᠡᠶᠢᠲᠡ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠭᠦᠨᠵᠡᠭᠡᠶᠢᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠦ᠂ ᠬᠠᠷᠢᠭᠤᠴᠠᠯᠭ᠎ᠠ ᠡᠭᠦᠷᠭᠡᠯᠡᠠ ᠵᠢᠳᠬᠦᠯ ᠴᠢᠷᠮᠠᠶᠢᠯᠭ᠎ᠠ ᠭᠠᠷᠭᠠᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠠ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢᠶᠠᠨ ᠬᠥᠪᠴᠢᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠠᠢ᠃      ᠬᠤᠷᠠᠯ ᠠᠴᠠ ᠵᠢᠭᠠᠬᠤ ᠳᠠᠭᠠᠨ᠂ ᠲᠦᠷᠦᠬᠦᠤ ᠤᠯᠠᠷᠢᠯ ᠪᠣᠯ ᠪᠦᠬᠦ ᠵᠢᠯ ᠤᠨ ᠠᠵᠢᠯ ᠢ ᠰᠠᠶᠢᠲᠤᠷ ᠬᠢᠬᠦ ᠶᠢᠨ ︽ᠵᠦᠭᠯᠡᠭᠦᠷ︾ ᠪᠣᠯᠣᠨ᠎ᠠ᠂ ︽ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ︾ ᠤᠷᠤᠭᠰᠢᠯᠠᠨ ᠲᠠᠪᠰᠢᠬᠤ ᠣᠪᠣᠷ ᠪᠠᠶᠢᠳᠠᠯ ᠢᠶᠠᠨ ᠪᠠᠲᠤᠯᠠᠠ᠂ ︽ᠵᠢᠷᠭᠤᠭᠠᠨ ᠠᠵᠢᠯᠯᠠᠭ᠎ᠠ︾   ᠶᠢ  ᠯᠠᠪᠳᠠᠭᠤᠨ  ᠪᠠᠲᠤᠲᠠᠢ  ᠠᠬᠢᠭᠤᠯᠵᠤ᠂ ᠣᠳᠣᠬᠠᠨ ᠤ ᠠᠵᠤ ᠠᠬᠤᠢ ᠶᠢᠨ ᠡᠷᠬᠢᠯᠲᠡ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠦᠷᠦᠬᠦᠤ ᠤᠯᠠᠷᠢᠯ ᠤᠨ ︽ᠰᠠᠶᠢᠨ ᠡᠬᠢᠯᠡᠯᠲᠡ︾   ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠭᠠᠷᠠᠭᠤᠯᠵᠤ᠂ ᠬᠡᠮ ᠰᠣᠭᠤᠭ ᠢ ᠵᠢᠬᠰᠠᠭᠠᠨ ᠪᠠᠶᠢᠴᠠᠭᠠᠵᠦ ᠴᠡᠭᠴᠡᠯᠡᠨ  ᠵᠠᠰᠠᠬᠤ  ᠶᠢ  ᠪᠦᠬᠦ  ᠲᠠᠯ᠎ᠠ  ᠪᠠᠷ  ᠥᠷᠨᠢᠭᠦᠯᠤᠨ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠭᠡᠵᠠᠢ᠃      ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠠᠬᠢᠷᠭ᠎ᠠ ᠶᠢᠨ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠢ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠵᠢᠶᠦ᠋ᠨ ᠬᠠᠢ ᠤᠷᠢᠯᠭ᠎ᠠ ᠪᠠᠷ ᠬᠤᠷᠠᠯ ᠳᠤ ᠣᠷᠣᠯᠴᠠᠵᠤ᠂ ᠵᠠᠬᠢᠷᠭ᠎ᠠ ᠶᠢᠨ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃      ᠬᠤᠷᠠᠯ ᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠦᠷᠲᠡᠯ᠎ᠠ ᠬᠤᠷᠠᠯᠳᠤᠭᠤᠯᠪᠠ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号