2024 ᠤᠨ ᠳᠤ᠂ ᠡᠷᠢᠶᠠᠨ ᠬᠤᠲᠠ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠬᠤ᠂ | ᠪᠥᠲᠥᠮᠵᠢᠲᠡᠢ ᠪᠡᠯᠡ ᠤᠷᠤᠭᠤᠯᠤᠯᠲᠠ ᠶᠢ ᠥᠷᠭᠡᠳᠭᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠥ᠂ ᠪᠥᠬᠦ ᠵᠢᠯ ᠤᠨ | ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠵᠢᠱᠢᠯᠲᠠ ᠪᠠᠷ 42.2 ᠳ᠋ᠥᠡᠭᠰᠢᠭᠤᠷ ᠲᠥᠭᠦᠷᠢᠭ ᠬᠥᠷᠴᠥ᠂ | ᠠᠲᠠᠯᠢ ᠬᠤᠭᠤᠴᠠᠭᠠᠨ ᠤ ᠬᠢ ᠠᠴᠠ 100% ᠪᠠᠷ ᠨᠡᠮᠡᠭᠲᠡᠭᠰᠡᠨ ᠪᠠᠶᠢᠨ᠎ᠠ᠃ | ᠨᠢᠲᠤᠨᠤᠨ ᠡᠷᠢᠶᠠᠨ ᠬᠤᠲᠠ ︽ᠲᠥᠷᠥᠯ ᠵᠥᠢᠯ ᠢ ᠶᠡᠬᠡᠪᠡᠷ ᠠᠳᠬᠤᠬᠤ᠂ ᠲᠤᠮᠤ ᠲᠥᠷᠥᠯ ᠵᠥᠢᠯ ᠢ | ᠠᠳᠬᠤᠬᠤ︾ ᠶᠢ ᠪᠠᠷᠢᠮᠲᠠᠯᠠᠵᠥ᠂ 500 ᠲᠥᠮᠡᠨ ᠲᠥᠭᠦᠷᠢᠭ ᠠᠴᠠ ᠲᠡᠭᠡᠭᠰᠢᠬᠢ ᠲᠤᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠲᠠᠢ 82 ᠲᠥᠷᠥᠯ ᠵᠥᠢᠯ ᠢ ᠬᠡᠷᠡᠭᠵᠢᠬᠦᠯᠵᠥ᠂ ᠪᠡᠯᠡ ᠤᠷᠤᠭᠤᠯᠤᠯᠲᠠ ᠨᠢ 1 ᠲᠠᠬᠢᠨ ᠢᠶᠠᠷ | ᠨᠡᠮᠡᠭᠲᠡᠵᠡᠢ᠃ ᠮᠸᠡᠭ ᠨᠸᠡᠭ 150 ᠲᠥᠮᠡᠨ ᠺᠢᠯᠥᠸᠠᠲ ᠤᠨ ᠪᠠᠲᠤᠯᠠᠭᠠᠨ ᠤ ᠴᠢᠨᠠᠷᠲᠠᠢ ᠲᠤᠤᠷ ᠲᠤ ᠨᠡᠶᠢᠯᠡᠬᠦᠯᠥᠭᠰᠡᠨ | ᠰᠠᠯᠬᠢᠨ ᠬᠥᠴᠥᠨ ᠤ ᠴᠠᠬᠢᠯᠭᠠᠨ ᠤ ᠲᠥᠷᠥᠯ ᠵᠥᠢᠯ ᠨᠢ ᠡᠷᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠲᠤᠨ ᠤ ᠴᠢᠬᠤᠯᠠᠴᠢᠯᠠᠭ᠎ᠠ ᠪᠠ ᠲᠡᠮᠵᠢᠯᠭᠡ ᠲᠤᠤᠷ᠎ᠠ ᠲᠥᠷᠥᠯ ᠵᠥᠢᠯ ᠪᠠᠶᠢᠭᠤᠯᠬᠤ᠂ ᠨᠤᠲᠤᠭ ᠪᠡᠯᠴᠢᠭᠡᠷ ᠤᠨ | ᠨᠥᠬᠦᠪᠤᠷᠢ ᠲᠠᠷᠬᠠᠭᠠᠬᠤ᠂ ᠭᠠᠵᠠᠷ ᠰᠢᠷᠤᠢ ᠲᠠᠲᠠᠪᠤᠷᠢᠯᠠᠬᠤ ᠭᠠᠷ ᠬᠥᠢᠴᠡᠳᠭᠡᠯ ᠬᠢᠬᠦ ᠵᠡᠷᠭᠡ ᠠᠵᠢᠯ ᠢ ᠤᠷᠤᠭᠰᠢᠲᠠᠢ | ᠪᠡᠶᠡᠯᠡᠬᠦᠯᠪᠡ᠃ ᠡᠪᠤᠯ ᠤᠷᠤᠭᠰᠠᠨ ᠠᠴᠠ ᠨᠠᠭᠠᠰᠢ᠂ ᠲᠤᠰ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠤᠯᠠᠨ | ᠲᠠᠯ᠎ᠠ ᠶᠢᠨ ᠬᠦᠴᠢᠷᠳᠡᠯ ᠢ ᠰᠶᠢᠳᠪᠤᠷᠢᠯᠡᠵᠥ᠂ 8 ᠲᠠᠯ᠎ᠠ ᠪᠠᠷ ᠠᠵᠢᠯ ᠢᠶᠠᠨ ᠥᠷᠨᠢᠬᠦᠯᠵᠥ᠂ ᠤᠲᠤᠬᠠᠨ ᠨᠢᠭᠡᠨᠲᠡ | ᠲᠤᠬᠠᠢ ᠶᠢᠨ ᠵᠢᠯ ᠳᠡᠭᠡᠨ ᠪᠠᠷᠢᠯᠭ᠎ᠠ ᠡᠬᠢᠯᠡᠬᠦᠯᠵᠥ᠂ ᠲᠤᠬᠠᠢ ᠶᠢᠨ ᠵᠢᠯ ᠳᠡᠭᠡᠨ ᠠᠰᠢᠭᠯᠠᠯᠲᠠ ᠳᠤ ᠤᠷᠤᠭᠤᠯᠤᠨ ᠥᠷ᠎ᠠ | ᠠᠰᠢᠭ ᠭᠠᠷᠭᠠᠬᠤ ᠬᠠᠷᠠᠯᠲᠠ ᠶᠢ ᠪᠡᠶᠡᠯᠡᠬᠦᠯᠵᠡᠢ᠃ ᠠᠶᠢᠮᠠᠭ᠂ ᠬᠤᠲᠠ ᠬᠤᠶᠠᠷ ᠱᠠᠲᠤᠨ ᠤ ᠭᠤᠤᠯᠲᠠᠯᠭ᠎ᠠ ᠲᠠᠢ | ᠲᠥᠷᠥᠯ ᠵᠥᠢᠯ ᠪᠤᠯᠤᠭᠰᠠᠨ ᠬᠢᠲᠠᠳ ᠡᠮᠨᠡᠯᠭᠡ ᠶᠢᠨ ᠬᠤᠷᠢᠶᠠᠨ ᠤ ᠶᠡᠷᠥᠩᠭᠡᠶᠢᠯᠡᠭᠰᠡᠨ ᠠᠰᠠᠷ ᠤᠨ ᠪᠥᠲᠥᠭᠡᠨ | ᠪᠠᠶᠢᠭᠤᠯᠤᠯᠲᠠ ᠳᠤ ᠡᠬᠦᠲᠡᠨ ᠡᠮᠨᠡᠯᠭᠡ ᠶᠢᠨ ᠡᠮᠨᠡᠯᠭᠡ ᠳᠤ ᠰᠠᠭᠤᠬᠤ ᠠᠰᠠᠷ᠂ ᠭᠠᠵᠠᠷ ᠲᠤᠤᠷᠠᠬᠢ ᠠᠷᠠᠳ ᠤᠨ | ᠰᠡᠷᠭᠡᠶᠢᠯᠡᠯᠲᠡ ᠪᠤᠯᠤᠨ ᠪᠤᠰᠤᠳ ᠢᠵᠢ ᠪᠥᠷᠢᠲᠥᠬᠦᠯᠥᠭᠰᠡᠨ ᠪᠥᠲᠥᠭᠡᠨ ᠪᠠᠶᠢᠭᠤᠯᠤᠯᠲᠠ ᠶᠢ ᠪᠠᠭᠲᠠᠭᠠᠪᠠ᠃ ᠤᠲᠤᠬᠠᠨ | ᠲᠤᠰ ᠲᠥᠷᠥᠯ ᠵᠥᠢᠯ ᠤᠨ ᠭᠤᠤᠯ ᠴᠤᠭᠴᠠ ᠶᠢᠨ ᠪᠠᠷᠢᠯᠭ᠎ᠠ ᠶᠢ ᠨᠢᠭᠡᠨᠲᠡ ᠲᠠᠭᠤᠰᠬᠠᠵᠥ᠂ ᠭᠡᠷ ᠲᠤᠲᠤᠷᠠᠬᠢ ᠵᠠᠰᠠᠵᠥ | ᠴᠢᠮᠡᠭᠯᠡᠬᠦ ᠠᠵᠢᠯ ᠴᠥ ᠰᠢᠪᠲᠤᠷᠠᠭᠠᠨ ᠳᠤ ᠤᠷᠤᠭᠰᠠᠨ ᠪᠠᠶᠢᠨ᠎ᠠ᠃ | 2025 ᠤᠨ ᠳᠤ᠂ ᠡᠷᠢᠶᠠᠨ ᠬᠤᠲᠠ ᠪᠥᠲᠥᠮᠵᠢᠲᠡᠢ ᠪᠡᠯᠡ ᠤᠷᠤᠭᠤᠯᠤᠯᠲᠠ ᠶᠢ ᠪᠥᠬᠦ ᠬᠥᠴᠥᠨ ᠢᠶᠠᠷ | ᠥᠷᠭᠡᠳᠭᠡᠵᠥ᠂ ︽ᠠᠷᠪᠠᠨ ᠲᠠᠪᠤᠲᠤᠭᠠᠷ ᠲᠠᠪᠤᠨ ᠵᠢᠯ︾ ᠤᠨ ᠲᠥᠯᠥᠪᠵᠢᠬᠦᠯᠭᠡ ᠶᠢ ᠨᠠᠶᠢᠷᠠᠭᠤᠯᠬᠤ ᠪᠠᠷ ᠲᠤᠬᠢᠶᠠᠯ | ᠪᠤᠯᠭᠠᠨ 120 ᠳ᠋ᠥᠡᠭᠰᠢᠭᠤᠷ ᠲᠥᠬᠦᠷᠢᠭ ᠪᠡᠯᠡ ᠤᠷᠤᠭᠤᠯᠤᠨ 81 ᠲᠤᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠲᠠᠢ ᠲᠥᠷᠥᠯ ᠵᠥᠢᠯ ᠬᠡᠷᠡᠭᠵᠢᠬᠦᠯᠬᠦ ᠪᠠᠷ ᠲᠥᠯᠥᠪᠯᠡᠵᠥ᠂ ᠪᠤᠭᠤᠮᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠠ ᠬᠥᠲᠡᠯᠭᠡᠬᠦ ᠬᠥᠴᠥᠨ ᠪᠠ ᠰᠢᠨ᠎ᠠ ᠠᠮᠢᠵᠢᠷᠠᠯ ᠤᠨ ᠬᠥᠴᠥᠨ ᠨᠡᠮᠡᠷᠢᠯᠡᠨ᠎ᠠ᠃ |