ᠮᠠᠨ ᠤ ᠠᠶᠢᠮᠠᠭ ᠠᠵᠢᠯ ᠤᠨ ᠪᠠᠶᠢᠷᠢ ᠳᠠᠭᠠᠨ ᠪᠤᠴᠠᠬᠤ ᠪᠠ ᠰᠤᠷᠭᠠᠭᠤᠯᠢ ᠡᠬᠢᠯᠡᠬᠦ ᠬᠤᠭᠤᠴᠠᠭᠠᠨ ᠤ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠵᠦ ᠪᠤᠢ
ᠨᠡᠶᠢᠲᠡᠯᠡᠭᠰᠡᠨ ᠴᠠᠭ᠄
2025/2/21
     ᠣᠳᠣᠬᠠᠨ ᠳᠤ ᠶᠠᠭ ᠰᠠᠶᠢᠬᠠᠨ ᠠᠵᠢᠯ ᠢᠶᠠᠨ ᠡᠬᠢᠯᠡᠬᠦᠯᠵᠤ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠰᠤᠷᠭᠠᠭᠤᠯᠢ ᠡᠬᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠵᠤ ᠪᠠᠶᠢᠨ᠎ᠠ᠃ ᠬᠠᠷᠢᠶ᠎ᠠ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ᠂ ᠡᠮᠬᠢ ᠳᠢᠭᠯᠢᠮ ᠲᠠᠢ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠳᠣᠯᠣᠳᠤᠭᠠᠷ ᠰᠠᠯᠪᠤᠷᠢ ᠠᠩᠭᠢ ᠵᠠᠮ ᠱᠤᠭᠤᠮ ᠤᠨ ᠣᠷᠴᠢᠨ ᠨᠦᠬᠦᠴᠡᠯ᠂ ᠠᠶᠤᠯᠬᠦᠢ ᠦᠢᠯᠡᠳᠪᠦᠷᠢᠯᠡᠯ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠪᠠᠬᠢᠵᠢᠭᠦᠯᠵᠦ᠂ ᠠᠷᠠᠳ ᠣᠯᠠᠨ ᠤ ᠠᠵᠢᠯ ᠤᠨ ᠪᠠᠶᠢᠷᠢ ᠳᠠᠭᠠᠨ ᠪᠤᠴᠠᠵᠤ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠵᠤ ᠪᠠᠶᠢᠨ᠎ᠠ᠃      ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠠᠶᠠᠨᠴᠢᠳ ᠤᠨ ᠲᠡᠷᠭᠡ ᠠᠶᠤᠯᠳᠠᠢ ᠪᠤᠳᠠᠰ ᠲᠡᠭᠡᠭᠡᠪᠦᠷᠢᠯᠡᠭᠰᠡᠨ ᠲᠡᠷᠭᠡ ᠬᠦᠨᠳᠦ ᠠᠴᠢᠶᠠᠨ ᠤ ᠲᠡᠷᠭᠡ ᠵᠡᠷᠭᠡ   ᠳᠤ ᠴᠢᠭᠯᠡᠭᠦᠯᠦᠨ ᠵᠢᠯᠣᠭᠤᠴᠢ ᠶᠢᠨ ᠦᠨᠡᠮᠯᠡᠯ᠂ ᠡᠵᠡᠩᠨᠡᠯᠲᠡ ᠶᠢᠨ ᠬᠢᠷᠢ ᠬᠡᠮ᠂ ᠲᠡᠷᠭᠡ ᠬᠥᠰᠭᠡ ᠶᠢᠨ ᠠᠮᠤᠷ ᠲᠦᠪᠰᠢᠨ ᠤ ᠴᠢᠳᠠᠮᠵᠢ ᠪᠠ ᠲᠡᠷᠭᠡᠨ ᠳᠤ ᠠᠴᠢᠶᠠᠯᠠᠭᠰᠠᠨ ᠡᠳ᠋ ᠪᠣᠳᠠᠰ ᠬᠠᠤᠯᠢ ᠲᠤᠭᠳᠠᠭᠠᠯ ᠠᠴᠠ ᠵᠥᠷᠢᠴᠡᠭᠰᠡᠨ ᠡᠰᠡᠬᠦ᠂ ᠳᠠᠭᠠᠭᠠᠴᠠ ᠠᠴᠠ ᠬᠡᠲᠦᠷᠡᠭᠰᠡᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠵᠠᠮ ᠬᠠᠷᠢᠯᠴᠠᠭᠠᠨ ᠤ ᠠᠳᠡᠯ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠠᠢ᠃ ᠠᠶᠤᠯᠭᠦᠢ ᠦᠢᠯᠡᠳᠪᠦᠷᠢᠯᠡᠯ ᠢ ᠠᠬᠢᠭᠤᠯᠬᠤ ᠪᠣᠯᠣᠨ ᠴᠠᠭ ᠠᠭᠤᠷ ᠠᠴᠠ ᠪᠤᠯᠤᠭᠰᠠᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠥ᠂ ᠬᠥᠭᠦᠷᠭᠡ ᠶᠢᠨ ᠭᠤᠯᠳᠤᠩ᠂ ᠨᠠᠯᠠᠤ ᠵᠠᠮ᠂ ᠮᠤᠷᠤᠢ ᠵᠠᠮ᠂ ᠠᠳᠡᠯ ᠠᠮᠠᠷᠬᠠᠨ ᠭᠠᠷᠬᠤ ᠭᠡᠰᠡᠭ᠂ ᠴᠠᠰᠤ ᠬᠤᠷᠠᠵᠤ ᠮᠥᠰᠥ ᠬᠥᠯᠳᠡᠬᠦ ᠵᠠᠮ ᠤᠨ ᠬᠡᠰᠡᠭ᠂ ᠲᠦᠷᠭᠡᠨ ᠤ ᠵᠠᠮ ᠤᠨ ᠣᠷᠣᠵᠤ ᠭᠠᠷᠬᠤ ᠭᠠᠵᠠᠷ ᠵᠢᠴᠢ ᠦᠢᠯᠡᠴᠢᠯᠡᠭᠡᠨ ᠤ ᠲᠣᠭᠤᠷᠢᠭ ᠵᠡᠷᠭᠡ ᠣᠷᠣᠨ ᠪᠠᠶᠢᠷᠢ ᠶᠢ ᠭᠤᠤᠯᠳᠠᠯᠭ᠎ᠠ ᠲᠠᠢ ᠪᠠᠶᠢᠴᠠᠭᠠᠵᠤ᠂ ᠭᠡᠮ ᠰᠣᠭᠤᠭ ᠪᠣᠯᠣᠨ ᠠᠰᠠᠭᠤᠳᠠᠯ ᠢ ᠢᠯᠡᠷᠡᠭᠦᠯᠵᠦ ᠴᠠᠭ ᠲᠤᠬᠠᠢ ᠳᠤᠨᠢ ᠬᠠᠮᠢᠶ᠎ᠠ ᠪᠦᠬᠦᠢ ᠨᠢᠭᠡᠴᠢ ᠶᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠠᠢ᠃      ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠭᠡᠨ ᠤ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢ ᠱᠠᠯᠠᠪᠳᠠᠭᠤᠯᠤᠨ ᠲᠡᠷᠭᠡ ᠵᠣᠭᠰᠤᠭᠠᠬᠤ᠂ ᠲᠣᠰᠣ ᠨᠡᠮᠡᠬᠦ᠂ ᠴᠠᠬᠢᠯᠭᠠᠨ ᠴᠡᠨᠡᠭᠯᠡᠬᠦ ᠵᠡᠷᠭᠡ ᠠᠶᠠᠨᠴᠢᠳ ᠤᠨ ᠶᠠᠪᠤᠵᠤ ᠰᠠᠭᠤᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠤ᠂ ᠦᠢᠯᠡᠴᠢᠯᠡᠭᠡᠨ ᠤ ᠲᠣᠭᠤᠷᠢᠭ ᠤᠨ ᠲᠣᠰᠣᠨ ᠤ ᠵᠦᠢᠯ᠂ ᠬᠠᠯᠠᠭᠤᠨ ᠤᠰᠤ᠂ ᠢᠳᠡᠭᠡᠨ ᠵᠡᠷᠭᠡ ᠡᠳ᠋ ᠪᠠᠷᠠᠭ᠎ᠠ ᠭᠦᠢᠴᠡᠳ ᠪᠠᠶᠢᠬᠤ ᠶᠢ ᠪᠠᠲᠤᠯᠠᠵᠤ᠂ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠥᠭᠡᠳ ᠵᠦᠢ ᠵᠣᠬᠢᠰᠲᠠᠢ᠂ ᠦᠢᠯᠡᠴᠢᠯᠡᠭᠡᠨ ᠤ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠳᠤᠯᠠᠪᠠ᠃      ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠠᠰᠤ ᠣᠷᠣᠭᠰᠠᠨ ᠵᠠᠮ ᠤᠨ ᠪᠠᠶᠢᠳᠠᠯ ᠤᠨ ᠪᠣᠳᠠᠳᠤ ᠪᠠᠶᠢᠳᠠᠯ ᠳᠤ ᠴᠢᠭᠯᠡᠭᠦᠯᠦᠨ᠂ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠤᠷᠠᠭᠰᠠᠨ ᠴᠠᠰᠤ ᠶᠢ ᠴᠡᠪᠡᠷᠯᠡᠵᠦ᠂ ᠵᠠᠮ ᠬᠠᠷᠢᠯᠴᠠᠭᠠᠨ ᠤ ᠠᠳᠡᠯ ᠡᠬᠦᠰᠬᠦ ᠶᠢ ᠪᠥᠬᠦ ᠲᠠᠯ᠎ᠠ ᠪᠠᠷ ᠰᠡᠷᠭᠡᠶᠢᠯᠡᠬᠦ ᠶᠢᠨ ᠬᠠᠮᠲᠤ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠵᠠᠮ ᠬᠠᠷᠢᠴᠠᠯᠭ᠎ᠠ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号