ᠲᠣᠰ ᠲᠥᠰᠦᠯ ᠤᠨ ᠬᠢᠯᠠᠰ ᠴᠡᠭ ᠣᠯᠠᠨ ᠪᠠᠶᠢᠵᠤ᠂ 19 ᠵᠤᠶᠢᠯ ᠤᠨ ᠭᠤᠤᠯᠳᠠᠯᠭ᠎ᠠ ᠲᠠᠢ ᠡᠭᠦᠷᠭᠡ ᠶᠢ | ᠲᠣᠳᠣᠷᠬᠠᠶᠢᠯᠠᠵᠤ᠂ ᠠᠵᠤ ᠤᠶᠢᠯᠡᠰ ᠤᠨ ᠬᠥᠭᠵᠢᠯᠲᠡ ᠶᠢᠨ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ | ᠳᠡᠭᠡᠭᠰᠢᠯᠡᠭᠦᠯᠬᠦ᠂ ᠠᠳᠠᠯ ᠤᠶᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠬᠤ᠂ | ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠰᠢᠶᠳᠪᠦᠷᠢᠯᠡᠬᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠠᠬᠢᠭᠤᠯᠬᠤ᠂ ᠠᠵᠢᠯ | ᠣᠯᠭᠤᠯᠲᠠ ᠶᠢᠨ ᠣᠯᠠᠨ ᠨᠡᠶᠢᠲᠡ ᠶᠢᠨ ᠤᠶᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠵᠡᠷᠭᠡ 5 ᠲᠠᠯ᠎ᠠ ᠪᠠᠷ ᠴᠢᠨᠠᠷ | ᠰᠠᠶᠢᠲᠠᠶ ᠭᠦᠶᠴᠡᠳ ᠠᠵᠢᠯ ᠣᠯᠭᠤᠯᠲᠠ ᠶᠢ ᠠᠬᠢᠭᠤᠯᠤᠨ᠎ᠠ ᠬᠡᠪᠡ᠃ ᠡᠭᠦᠨ ᠳᠤ᠄ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠡᠯᠰᠡᠬᠦ | ᠬᠡᠪᠴᠢᠶ᠎ᠡ ᠶᠢ ᠥᠷᠭᠡᠳᠬᠡᠵᠦ᠂ ᠡᠨᠡ ᠵᠢᠯ 3000 ᠬᠥᠮᠦᠨ ᠡᠯᠰᠡᠬᠦ ᠪᠠᠷ ᠪᠠᠶᠢᠨ᠎ᠠ᠃ | ︽ᠲᠥᠰᠦᠯ︾ ᠳᠤ᠂ ᠬᠤᠶᠠᠳᠤᠭᠠᠷ ᠠᠵᠤ ᠤᠶᠢᠯᠡᠰ ᠤᠨ ᠰᠢᠨ᠎ᠡ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ 15 ᠲᠦᠮᠡ ᠠᠴᠠ ᠳᠡᠭᠡᠭᠰᠢ ᠭᠠᠷᠭᠠᠵᠤ᠂ ᠭᠤᠷᠪᠠᠳᠤᠭᠠᠷ ᠠᠵᠤ ᠤᠶᠢᠯᠡᠰ ᠤᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ 35 ᠲᠦᠮᠡ ᠠᠴᠠ ᠳᠡᠭᠡᠭᠰᠢ ᠰᠢᠨ᠎ᠡ ᠪᠠᠷ ᠨᠡᠭᠡᠭᠡᠵᠦ᠂ 600 ᠳᠤᠮᠳᠠ ᠪᠠᠭ᠎ᠠ ᠬᠡᠯᠪᠡᠷᠢ ᠶᠢᠨ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ 200 ᠳᠤᠮᠳᠠ ᠪᠠᠭ᠎ᠠ ᠬᠡᠯᠪᠡᠷᠢ ᠶᠢᠨ ᠬᠤᠷᠰᠢᠶᠠᠵᠢᠯ ᠢ | ᠭᠤᠤᠯᠳᠠᠯᠭ᠎ᠠ ᠲᠠᠢ ᠲᠡᠳᠬᠦᠵᠦ᠂ 2025 ᠣᠨ ᠤ ᠡᠴᠦᠰ ᠪᠣᠯᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ | ᠤᠶᠢᠯᠡᠴᠢᠯᠡᠭᠡᠨ ᠤ ᠤᠶᠢᠯᠡᠰ ᠤᠨ ᠠᠵᠤ ᠤᠶᠢᠯᠡᠰ ᠤᠨ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ᠃ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠤᠶᠤ ᠬᠤᠪᠢ ᠶᠢᠨ ᠤᠶᠢᠯᠡᠳᠪᠦᠷᠢ ᠬᠤᠳᠠᠯᠳᠤᠭᠠᠨ ᠤ | ᠡᠷᠦᠬᠡ ᠳᠤ 2 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠳᠠᠯ ᠤᠶᠢᠯᠡᠰ ᠪᠤᠰᠬᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠨᠥᠬᠦᠪᠥᠷᠢ ᠪᠠ 2 ᠲᠦᠮᠡᠨ ᠲᠥᠭᠦᠷᠢᠭ ᠤᠨ ᠠᠳᠠᠯ ᠤᠶᠢᠯᠡᠰ ᠪᠤᠰᠬᠠᠬᠤ ᠨᠥᠬᠦᠪᠥᠷᠢ | ᠦᠭᠴᠦ᠂ ᠪᠥᠬᠦ ᠣᠷᠣᠨ ᠤ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠠᠵᠢᠯᠯᠠᠵᠤ ᠰᠤᠷᠤᠯᠴᠠᠬᠤ ᠶᠢ | ᠨᠢᠭᠡ ᠴᠣᠭᠴᠠᠵᠢᠭᠤᠯᠤᠭᠰᠠᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ ᠢ 50 % ᠠᠴᠠ ᠳᠡᠭᠡᠭᠰᠢ ᠪᠣᠯᠲᠠᠯ᠎ᠠ | ᠳᠡᠭᠡᠭᠰᠢᠯᠡᠭᠦᠯᠵᠤ᠂ ᠡᠯ᠎ᠡ ᠠᠵᠢᠯ ᠲᠥᠷᠥᠯ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ | ᠬᠡᠪᠴᠢᠶ᠎ᠡ ᠶᠢ 35 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠡᠯᠰᠡᠬᠦ ᠬᠡᠪᠴᠢᠶ᠎ᠡ ᠶᠢ 3000 ᠬᠥᠮᠦᠨ ᠳᠤ | ᠬᠦᠷᠲᠡᠯ᠎ᠡ ᠥᠷᠭᠡᠳᠬᠡᠨ᠎ᠡ᠃ᠨᠠᠮ ᠤᠨ ᠭᠡᠰᠢᠬᠦᠨ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ᠂ ᠶᠡᠭᠡ ᠳᠡᠭᠡᠳᠦ | ᠰᠤᠷᠭᠠᠭᠤᠯᠢ᠂ ᠠᠷᠰᠠᠷ ᠠᠵᠢᠯ ᠤᠨ ᠵᠠᠬ᠎ᠠ ᠳᠡᠯᠭᠡᠭᠦᠷ ᠵᠡᠷᠭᠡ ᠳᠤ ᠲᠦᠰᠢᠭᠯᠡᠨ ︽ᠬᠡᠷ ᠤᠨ ᠡᠭᠦᠳᠡᠨ︾ ᠳᠤᠨᠢ ᠠᠵᠢᠯ | ᠣᠯᠭᠤᠬᠤ 300 ᠤᠶᠢᠯᠡᠴᠢᠯᠡᠭᠡᠨ ᠤ ᠥᠷᠲᠡᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠠᠵᠢᠯ ᠣᠯᠭᠤᠬᠤ | ᠥᠪᠥᠷ ᠮᠣᠩᠭᠤᠯ︾ ᠠᠵᠢᠯ ᠡᠷᠢᠬᠦ ᠠᠵᠢᠯᠲᠠᠨ ᠡᠯᠰᠡᠬᠦ ᠲᠠᠪᠴᠠᠩ ᠪᠠ ︽ᠲᠦᠷᠭᠡᠨ ᠤᠷᠢᠬᠤ ᠥᠪᠥᠷ ᠮᠣᠩᠭᠤᠯ︾ | ᠰᠢᠯᠵᠢᠮᠡᠯ ᠬᠡᠷᠡᠭᠯᠡᠭᠴᠢ ᠶᠢᠨ ᠦᠵᠦᠭᠦᠷ ᠢ ᠡᠭᠦᠳᠴᠦ᠂ ᠠᠵᠢᠯ ᠣᠯᠭᠤᠯᠲᠠ ᠶᠢᠨ ᠮᠡᠳᠡᠭᠡ ᠵᠠᠩᠭᠢᠵᠢᠯᠲᠠ ᠶᠢᠨ ᠳᠥᠭᠦᠮ | ᠳᠥᠲᠡ ᠪᠥᠭᠡᠳ ᠥᠨᠳᠥᠷ ᠪᠦᠲᠦᠮᠵᠢᠲᠡᠶ ᠤᠶᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ ᠭᠡᠵᠦ ᠲᠤᠷᠠᠳᠴᠠᠢ᠃ |