ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ᠂ ᠦᠢᠯᠡᠴᠢᠯᠡᠭᠡᠨ ᠤ ᠠᠷᠠᠯᠵᠢᠶ᠎ᠠ ᠪᠠ | ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ | ᠲᠥᠰᠦᠯ︾ ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ | ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ | ᠬᠥᠭᠵᠢᠭᠦᠯᠬᠦ ᠪᠣᠯ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ | ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ ᠪᠠᠶᠢᠭᠠᠳ ᠦᠢᠯᠡᠴᠢᠯᠡᠭᠡᠨ ᠤ ᠠᠷᠠᠯᠵᠢᠶ᠎ᠠ ᠪᠠᠨ | ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ ᠵᠦᠢᠯ ᠤᠨ ᠨᠠᠷᠢᠨ | ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ | ᠲᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ | ᠡᠮᠨᠡᠯᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ | ᠰᠤᠳᠤᠯᠤᠨ ᠭᠠᠷᠭᠠᠨ᠎ᠠ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ᠂ ᠮᠠᠨ ᠤ ᠤᠯᠤᠰ ᠤᠨ | ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ ᠳᠡᠯᠡᠬᠡᠶᠢᠴᠢᠯᠡᠬᠦ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ ᠪᠠᠶᠢᠭᠤᠯᠵᠤ᠂ ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ | ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ᠃ | ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ | ᠬᠡᠷᠡᠭᠯᠡᠭᠡ ᠶᠢᠨ ᠣᠷᠴᠢᠨ ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠬᠤ᠂ | ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂ | ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ | ᠲᠡᠭᠦᠯᠳᠡᠷᠵᠢᠭᠦᠯᠦᠨ᠎ᠡ᠃ ︽ᠭᠠᠳᠠᠭᠠᠳᠤ ᠳᠤ ᠨᠡᠭᠡᠭᠡᠯᠲᠡ ᠬᠢᠬᠦ︾᠂ ︽ᠳᠣᠲᠣᠭᠠᠳᠤ ᠳᠤ ᠪᠠᠨ ᠴᠢᠯᠦᠭᠡᠲᠡᠢ ᠪᠠᠶᠢᠯᠭᠠᠬᠤ︾ | ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ | ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ | ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ ᠤᠯᠠᠨ ᠲᠦᠮᠡᠨ ᠤ ᠤᠯᠠᠨ ᠶᠠᠩᠵᠤᠴᠢᠯᠠᠭᠰᠠᠨ | ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠬᠥᠳᠡᠯᠭᠡᠭᠴᠢ ᠬᠦᠴᠦᠨ ᠤ ᠴᠡᠨᠡᠭ ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂ | ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠭᠵᠢᠷᠡᠯ | ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ | ᠠᠪᠴᠤ ᠠᠰᠢᠭᠯᠠᠬᠤ ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠳ᠋ᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ | ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ᠂ | ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ ᠪᠦᠬᠦ ᠶᠠᠪᠤᠴᠠ ᠳᠤ ᠨᠢ ᠮᠥᠷᠳᠡᠨ ᠤᠬᠤᠴᠢᠯᠠᠬᠤ ᠶᠢ | ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ᠂ | ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠎ᠠ᠃ ᠬᠥᠳᠡᠯᠭᠡᠭᠴᠢ ᠬᠦᠴᠦᠨ ᠤ ᠴᠡᠨᠡᠭ ᠤᠨ ᠪᠣᠬᠢᠷᠲᠤᠯ ᠦᠭᠡᠢ ᠵᠢᠷᠤᠭᠯᠠᠬᠤ᠂ ᠦᠢᠯᠡᠳᠬᠦᠨ ᠤ | ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠲᠦᠷᠭᠡᠬᠡᠨ | ᠲᠣᠭᠲᠠᠭᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ ᠪᠠᠶᠢᠭᠠᠳ ᠡᠭᠡᠭᠦᠯᠦᠨ ᠠᠪᠴᠤ | ᠠᠰᠢᠭᠯᠠᠬᠤ ᠶᠢ ᠳᠠᠶᠢᠴᠢᠯᠠᠨ᠎ᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ | ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ ᠠᠷᠠᠳ ᠤᠨ | ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ | ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠪᠠ ᠤᠯᠠᠨ | ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ ᠤᠳ ᠢ | ᠰᠢᠢᠳᠪᠦᠷᠢᠯᠡᠬᠦ ᠶᠢ ᠠᠬᠢᠭᠤᠯᠪᠠ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ | ᠦᠷᠭᠦᠯᠵᠢᠯᠡᠨ ᠴᠢᠨᠠᠷ ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠯᠦᠭᠡ ᠣᠶᠢᠯᠠᠭᠠᠯᠴᠠᠵᠤ | ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ ᠬᠠᠷᠢᠭᠤᠯᠬᠤ᠂ ᠠᠳᠠᠯᠢ ᠴᠢᠭᠯᠡᠯ ᠢᠶᠠᠷ ᠬᠠᠮᠲᠤ | ᠬᠦᠴᠦᠯᠡᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠬᠦ ᠪᠠᠷ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |