ᠭᠦᠸᠧ ᠢᠦᠢ ᠹᠧᠩ ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠭᠡᠰᠢᠭᠦᠨ ᠢᠦᠢ ᠴᠥᠩ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/2/26
     2 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠭ᠎ᠠ ᠶᠢᠨ ᠠᠶᠢᠮᠠᠭ ᠤᠨ ᠳᠠᠷᠤᠭ᠎ᠠ ᠭᠦᠸᠧ ᠢᠦᠢ  ᠹᠧᠩ ᠰᠢᠯᠢ ᠶᠢᠨ ᠬᠤᠳᠠ ᠳᠤ ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠭᠡᠰᠢᠭᠦᠨ ᠢᠦᠢ ᠴᠥᠩ ᠲᠠᠢ ᠬᠡᠯᠡᠯᠴᠡᠭᠡ ᠬᠢᠪᠡ᠃      ᠭᠦᠸᠧ ᠢᠦᠢ  ᠹᠧᠩ ᠠᠴᠠ ᠢᠦᠢ ᠴᠥᠩ ᠨᠠᠷ ᠤᠨ ᠠᠶᠢᠯᠴᠢᠯᠠᠬᠤ ᠪᠠᠷ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠰᠢᠯᠢ ᠶᠢᠨ ᠭᠤᠣᠯ ᠠᠶᠢᠮᠠᠭ ᠤᠨ ᠲᠠᠯ᠎ᠠ ᠨᠤᠲᠤᠭ᠂ ᠡᠯᠡᠰᠦᠷᠬᠡᠭ ᠭᠠᠵᠠᠷ᠂ ᠮᠥᠰᠥ ᠴᠠᠰᠤ᠂ ᠭᠠᠯᠲᠤ ᠠᠭᠤᠯᠠ᠂ ᠨᠡᠶᠢᠰᠯᠡᠯ ᠬᠤᠲᠠ ᠶᠢᠨ ᠪᠠᠭᠤᠷᠢ᠂ ᠮᠣᠩᠭᠤᠯ ᠠᠳᠤᠭᠤᠨ ᠰᠣᠶᠣᠯ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠢᠵᠤ᠂ ᠨᠠᠷᠢᠨ  ᠨᠢᠮᠪᠠᠢ  ᠤᠬᠠᠭᠠᠯᠠᠨ  ᠲᠥᠯᠥᠪᠯᠡᠵᠦ᠂ ᠭᠦᠨᠵᠡᠭᠡᠢ ᠠᠭᠤᠳᠠᠯᠬᠤ ᠴᠢᠬᠤᠯᠠᠲᠠᠢ ᠪᠠᠶᠢᠨ᠎ᠠ᠃ ᠲᠤᠰᠬᠠᠢ ᠮᠡᠷᠭᠡᠵᠢᠯᠲᠡᠳ ᠤᠨ ᠣᠶᠤᠨ ᠤ ᠬᠥᠮᠥᠷᠭᠡ ᠶᠢᠨ ᠦᠢᠯᠡᠳᠦᠯ ᠪᠣᠯᠣᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠲᠥᠯᠦᠪᠵᠢᠭᠦᠯᠭᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠭᠦᠳᠬᠦ᠂ ᠪᠦᠲᠦᠭᠡᠭᠳᠡᠬᠦᠨ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠨᠡᠭᠡᠭᠡᠬᠦ᠂ ᠨᠠᠷᠠᠲᠤ ᠲᠡᠮᠳᠡᠭ ᠤᠨ ᠡᠵᠡᠩᠨᠡᠯᠳᠡ ᠪᠤᠷᠤᠯᠠᠭᠤᠯᠭ᠎ᠠ ᠵᠡᠷᠭᠡ ᠲᠠᠯ᠎ᠠ ᠪᠠᠷ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠤᠳᠠᠰᠤ ᠶᠢ ᠠᠳᠬᠤᠨ ᠣᠨᠣᠰᠢᠯᠠᠵᠤ᠂ ᠵᠠᠭᠤᠴᠢ ᠬᠤᠯᠪᠣᠭᠠᠰᠤ ᠪᠣᠯᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠨᠡᠷ᠎ᠡ ᠠᠯᠳᠠᠷ ᠢ ᠮᠠᠨᠳᠤᠭᠤᠯᠵᠤ᠂ ᠬᠥᠮᠥᠰ ᠤᠨ ᠬᠦᠷᠢᠶᠡᠯᠡᠯ ᠢ ᠤᠯᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠬᠰᠠᠨ ᠨᠠᠩ ᠣᠯᠠᠨ ᠭᠢᠯᠠᠰ ᠴᠡᠭ᠂ ᠬᠤᠳᠠᠯᠳᠤᠭᠠᠨ ᠤ ᠴᠡᠭ ᠢ ᠡᠭᠦᠳᠴᠦ᠂ ︽ᠪᠡᠭᠡᠵᠢᠩ ᠠᠴᠠ ᠠᠰ ᠬᠤᠶᠢᠨ᠎ᠠ ᠵᠦᠭ ᠲᠤ ᠰᠢᠯᠢ ᠶᠢᠨ ᠭᠤᠣᠯ ᠬᠠᠮᠤᠭ ᠤᠨ ᠭᠤᠶᠣ︾ ᠭᠡᠭᠦ ᠠᠯᠳᠠᠷᠰᠢᠯ ᠢ ᠮᠠᠨᠳᠤᠭᠤᠯᠬᠤ ᠶᠢ ᠭᠦᠰᠡᠵᠦ ᠪᠠᠶᠢᠨ᠎ᠠ ᠭᠡᠪᠡ᠃      ᠢᠦᠢ ᠴᠥᠩ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠲᠥᠯᠥᠭᠡᠯᠡᠨ ᠢᠯᠡᠷᠬᠡᠶᠢᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠡᠬᠢ ᠪᠠᠶᠠᠯᠢᠭ ᠮᠠᠰᠢ ᠡᠯᠪᠡᠭ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠲᠤᠰ ᠤᠳᠠᠭ᠎ᠠ ᠶᠢᠨ ᠬᠡᠯᠡᠯᠴᠡᠭᠡ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠤᠬᠠᠭᠠᠯᠠᠨ ᠲᠥᠯᠥᠪᠯᠡᠬᠦ᠂ ᠡᠵᠡᠩᠨᠡᠨ ᠪᠣᠷᠣᠯᠠᠭᠤᠯᠬᠤ᠂ ᠠᠷᠠᠯᠵᠢᠶᠠᠴᠢᠨ ᠤᠷᠢᠬᠤ᠂ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠰᠠᠨᠠᠯ ᠵᠥᠪᠯᠡᠯᠭᠡ ᠳᠤᠷᠠᠳᠴᠤ᠂ ᠠᠵᠤ ᠦᠢᠯᠡᠰ ᠢ ᠰᠢᠯᠢᠳᠡᠭᠵᠢᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠯᠢᠳᠡᠭᠵᠢᠭᠦᠯᠬᠦ᠂ ᠨᠡᠷᠡᠳᠦ ᠲᠡᠮᠳᠡᠭ ᠢ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠬᠢᠭᠤᠯᠬᠤ ᠶᠢ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠡ ᠶᠢᠨ ᠰᠢᠨ᠎ᠡ ᠬᠥᠳᠡᠯᠭᠡᠭᠦᠷ ᠪᠣᠯᠭᠠᠬᠤ ᠶᠢ ᠬᠦᠰᠡᠵᠦ ᠪᠠᠶᠢᠨ᠎ᠠ ᠭᠡᠪᠡ᠃   ᠠᠶᠢᠮᠠᠭ ᠤᠨ ᠤᠳᠤᠷᠢᠳᠤᠯᠭ᠎ᠠ ᠶᠠᠩ ᠯᠢ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠡᠯᠡᠯᠴᠡᠭᠡ ᠭᠢᠭᠦ ᠳᠤ ᠣᠷᠣᠯᠴᠠᠪᠠ᠃                                                        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号