ᠭᠦᠸᠧ ᠢᠦᠢ ᠹᠧᠩ ᠪᠠᠷᠠᠭᠤᠨ ᠬᠡᠰᠡᠭ ᠤᠨ ᠬᠤᠰᠢᠭᠤ ᠬᠤᠲᠠ ᠳᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/26
     2 ᠰᠠᠷ᠎ᠠ ᠶᠢᠨ 21 ᠠᠴᠠ 23 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠭ᠎ᠠ ᠶᠢᠨ ᠠᠶᠢᠮᠠᠭ ᠤᠨ ᠳᠠᠷᠤᠭ᠎ᠠ ᠭᠦᠸᠧ ᠢᠦᠢ  ᠹᠧᠩ ᠡᠷᠢᠶᠡᠨ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤᠨ ᠳᠤ ᠭᠦᠨᠵᠡᠭᠡᠶᠢᠷᠡᠨ ᠠᠵᠤ ᠠᠬᠤᠶᠢᠯᠠᠯ ᠤᠨ ᠡᠷᠬᠢᠯᠲᠡ᠂ ᠠᠵᠤ ᠦᠢᠯᠡᠰ ᠤᠨ ᠬᠥᠭᠵᠢᠯᠲᠡ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠢ ᠪᠠᠶᠢᠴᠠᠭᠠᠨ ᠰᠤᠳᠤᠯᠵᠠᠢ᠃      ᠭᠦᠸᠧ ᠢᠦᠢ  ᠹᠧᠩ ᠶᠢᠨ ᠳᠢ ᠠᠭᠤᠷᠬᠠᠢ ᠶᠢᠨ ᠦᠢᠯᠡᠰ᠂ ᠵᠦᠡᠭ ᠮᠸᠢ ᠶᠢᠨ ᠮᠠᠩᠯᠠᠢ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ ᠲᠦᠷᠦᠯ ᠵᠦᠢᠯ᠂ ᠰᠠᠨ ᠢ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠦᠬᠡᠢ ᠤᠶᠤᠨᠴᠢ ᠠᠵᠤ ᠦᠢᠯᠡᠰ ᠤᠨ ᠬᠦᠷᠢᠶᠡᠯᠡᠩ᠂ ᠭᠠᠨ  ᠹᠧᠩ ᠯᠢᠲ᠋ᠢ ᠶᠢᠨ ᠦᠢᠯᠡᠰ ᠵᠡᠷᠭᠡ ᠠᠵᠤ ᠠᠬᠤᠶᠢᠯᠠᠯ ᠪᠣᠯᠣᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠲᠡᠷᠡ ᠴᠢᠬᠤᠯᠠᠴᠢᠯᠠᠬᠤ ᠳᠠᠭᠠᠨ᠂ ᠮᠠᠨ ᠤ ᠠᠶᠢᠮᠠᠭ ᠤᠨ ᠪᠣᠬᠢᠷᠲᠤᠯ ᠦᠭᠡᠢ ᠴᠠᠬᠢᠯᠭᠠᠨ ᠪᠣᠯᠣᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠢᠨ᠎ᠡ ᠡᠨᠧᠷᠭᠢ ᠶᠢᠨ ᠬᠡᠷᠡᠭᠯᠡᠭᠡᠨ ᠤ ᠲᠠᠯᠠᠪᠤᠷ ᠢ ᠢᠳᠡᠪᠬᠢᠲᠡᠢ ᠥᠷᠭᠡᠳᠬᠡᠠ᠂ ᠲᠡᠮᠦᠷ ᠤᠨ ᠬᠠᠶᠢᠯᠤᠰᠢ᠂ ᠯᠢᠲ᠋ᠢ ᠵᠡᠷᠭᠡ ᠰᠢᠨ᠎ᠡ ᠬᠡᠯᠪᠡᠷᠢ ᠶᠢᠨ ᠬᠠᠶᠢᠯᠤᠰᠢ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠦᠭᠡᠢ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠠᠶᠢᠴᠢᠯᠠᠵᠦ᠂ ᠪᠣᠬᠢᠷᠲᠤᠯ ᠦᠭᠡᠢ ᠡᠨᠧᠷᠭᠢ ᠪᠣᠯᠣᠨ ᠪᠣᠬᠢᠷᠲᠤᠯ ᠦᠭᠡᠢ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠥᠪᠯᠡᠷᠡᠭᠰᠡᠨ ᠡᠷᠴᠢᠮᠵᠢᠭᠦᠯᠦᠭᠰᠡᠨ ᠰᠦᠷᠦᠭᠵᠢᠯ ᠬᠥᠭᠵᠢᠯᠲᠡ ᠶᠢ ᠲᠦᠷᠭᠡᠳᠬᠡᠬᠦ ᠬᠡᠷᠡᠭᠲᠡᠢ ᠭᠡᠵᠠᠢ᠃      ᠮᠢᠬᠠᠨ ᠤ ᠦᠬᠡᠷ ᠪᠣᠷᠳᠣᠠ ᠲᠠᠷᠭᠤᠯᠠᠭᠤᠯᠬᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠪᠣᠯᠣᠨ ᠮᠠᠯᠵᠢᠬᠤ ᠡᠷᠦᠬᠡ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠭᠦᠸᠧ ᠢᠦᠢ  ᠹᠧᠩ᠂ ᠣᠨᠴᠠᠯᠢᠬᠵᠢᠭᠤᠯᠬᠤ᠂ ᠬᠡᠪᠴᠢᠶᠡᠵᠢᠭᠦᠯᠬᠦ᠂ ᠨᠡᠷᠡᠲᠦ ᠲᠡᠮᠳᠡᠭᠵᠢᠭᠦᠯᠬᠦ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ ᠴᠢᠭᠯᠡᠯ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠠᠷᠢᠵᠦ ᠲᠡᠵᠢᠭᠡᠬᠦ᠂ ᠨᠠᠷᠢᠯᠢᠭ ᠪᠤᠯᠪᠠᠰᠤᠷᠠᠭᠤᠯᠬᠤ᠂ ᠥᠨᠳᠥᠷ ᠦᠷᠳᠡᠭ ᠢᠶᠠᠷ ᠬᠤᠪᠢᠷᠠᠭᠤᠯᠬᠤ᠂ ᠳᠡᠭᠡᠳᠦ ᠲᠡᠰ ᠤᠨ ᠪᠣᠷᠤᠯᠠᠭᠤᠯᠭ᠎ᠠ ᠵᠡᠷᠭᠡ ᠲᠠᠯ᠎ᠠ ᠪᠠᠷ ᠬᠦᠴᠦᠯᠡᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠦᠷ᠎ᠡ ᠠᠰᠢᠭ ᠢ ᠨᠡᠩ ᠰᠠᠶᠢᠨ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠪᠤᠯᠤᠨ ᠬᠤᠶᠠᠳᠤᠭᠠᠷ ᠠᠵᠦ ᠦᠢᠯᠡᠰ᠂ ᠭᠤᠷᠪᠠᠳᠤᠭᠠᠷ ᠠᠵᠦ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠡᠷᠢᠶᠡᠨ ᠬᠤᠳᠠ ᠳᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠤᠷᠤᠨ᠂ ᠬᠢᠯᠢ ᠶᠢᠨ ᠠᠷᠠᠳ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ᠂ ᠪᠣᠭᠤᠮᠲᠠ ᠶᠢᠨ ᠤᠶᠤᠨᠳᠦ ᠬᠠᠮᠢᠶᠠᠷᠤᠯᠲᠠ ᠶᠢᠨ ᠲᠥᠪ᠂ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂  ᠭᠥᠸᠧ ᠢᠦᠢ  ᠹᠧᠩ᠂ ᠪᠣᠭᠤᠮᠲᠠ ᠶᠢᠨ ᠳᠠᠪᠠᠭᠤᠯᠢᠭ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ᠂ ᠣᠷᠴᠢᠨ ᠲᠣᠭᠤᠷᠢᠨ ᠤ ᠳᠠᠪᠠᠭᠤᠯᠢᠭ ᠲᠠᠭᠠᠨ ᠭᠦᠢᠴᠡᠳ ᠲᠦᠰᠢᠭᠯᠡᠵᠦ᠂ ᠤᠯᠠᠨ ᠤᠯᠤᠰ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠲᠦᠭᠡᠭᠳᠡᠬᠦᠨ ᠢ ᠡᠳ᠋ᠰᠢᠭᠦᠯᠬᠦ ᠵᠢᠴᠢ ᠬᠤᠯᠪᠣᠭᠳᠠᠯ ᠪᠦᠬᠦᠢ ᠢᠵᠢ ᠪᠦᠷᠢᠳᠦᠭᠰᠡᠨ ᠦᠢᠯᠡᠴᠢᠯᠡᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠨᠡᠩ ᠥᠨᠳᠥᠷ ᠬᠢᠷᠢ ᠲᠦᠪᠰᠢᠨ ᠪᠦᠬᠦᠢ ᠭᠠᠳᠠᠭᠠᠲᠦ ᠨᠡᠭᠡᠭᠡᠯᠲᠡ ᠬᠢᠬᠦ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠭᠦᠸᠧ ᠢᠦᠢ ᠹᠧᠩ ᠴᠢᠬᠤᠯᠠᠴᠢᠯᠠᠬᠤ ᠳᠠᠭᠠᠨ᠂ ᠨᠢᠭᠡᠳᠦᠭᠡᠷ ᠤᠯᠠᠷᠢᠯ ᠨᠢ ᠪᠦᠬᠦ ᠵᠢᠯ ᠤᠨ ᠡᠭᠦᠷᠭᠡ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠬᠤ᠂ ᠠᠬᠢᠴᠠ ᠶᠢ ᠲᠣᠬᠢᠷᠠᠭᠤᠯᠬᠤ᠂ ᠬᠠᠨᠳᠤᠰᠢ ᠶᠢ ᠬᠥᠭᠵᠢᠭᠡᠬᠦ ᠵᠠᠩᠭᠢᠯᠠᠭ᠎ᠠ ᠶᠢᠨ ᠦᠢᠯᠡᠳᠦᠯ ᠲᠠᠢ ᠶᠤᠮ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠱᠢᠭᠰᠡᠨ ᠬᠠᠷᠠᠯᠲᠠ ᠪᠠᠨ ᠴᠢᠩᠭ᠎ᠠ ᠠᠩᠬᠠᠷᠴᠤ᠂ ᠵᠠᠬ᠎ᠠ ᠳᠡᠯᠭᠡᠭᠦᠷᠴᠢᠯᠡᠬᠦ ᠰᠡᠳᠬᠢᠬᠦᠢ ᠶᠢ ᠪᠤᠢ ᠪᠣᠯᠭᠠᠠ᠂ ᠠᠵᠤ ᠦᠢᠯᠡᠰ ᠤᠨ ᠰᠢᠪᠲᠤᠯᠤᠯᠲᠠ ᠬᠢᠬᠦ᠂ ᠠᠵᠤ ᠦᠢᠯᠡᠳᠪᠦᠷᠢ ᠶᠢᠨ ᠰᠶᠢᠳᠪᠦᠷᠢᠲᠦ ᠳᠠᠶᠢᠯᠠᠯᠳᠤᠭᠠᠨ ᠬᠢᠬᠦ ᠶᠢ ᠪᠠᠷᠢᠮᠲᠠᠯᠠᠵᠤ᠂ ︽ᠠᠷᠭ᠎ᠠ ᠬᠡᠮᠵᠢᠶ᠎ᠡ ᠨᠢ ᠠᠵᠤ ᠠᠬᠤᠶᠢᠯᠠᠯ ᠢ ᠲᠠᠭᠠᠨ ᠰᠢᠯᠵᠢᠬᠦ᠂ ᠲᠦᠷᠦ ᠶᠢᠨ ᠪᠣᠳᠣᠯᠭ᠎ᠠ ᠨᠢ ᠬᠦᠴᠢᠷ ᠠᠰᠠᠭᠤᠳᠠᠯ ᠢ ᠲᠠᠭᠠᠨ ᠬᠤᠪᠢᠷᠠᠬᠤ︾ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠣᠷᠴᠢᠨ ᠲᠣᠭᠤᠷᠢᠨ ᠢ ᠡᠭᠦᠳᠴᠦ᠂ ᠳᠠᠯᠳᠠ ᠬᠦᠴᠦᠨ ᠢ ᠭᠦᠢᠴᠡᠳ ᠠᠭᠤᠳᠠᠯᠵᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠠ᠂ ᠶᠠᠰᠤ ᠴᠢᠨᠠᠷ ᠢ ᠳᠡᠭᠡᠭᠰᠢᠯᠡᠭᠦᠯᠵᠦ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠬᠢᠯᠡᠯᠲᠡ︾   ᠶᠢ ᠪᠠᠲᠤᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠠ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠪᠠ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠬᠡᠷᠡᠭᠲᠡᠢ ᠭᠡᠵᠠᠢ᠃                                                    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号