ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠰᠠᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠵᠤ᠂ ᠰᠢᠨ᠎ᠡ ᠨᠢᠭᠡ ᠵᠢᠯ ᠤᠨ ᠬᠥᠭᠵᠢᠯᠲᠡ ᠶᠢᠨ ᠰᠠᠶᠢᠨ | ᠡᠬᠢᠯᠡᠯᠲᠡ ᠶᠢ ᠡᠭᠦᠳᠴᠦ᠂ ᠪᠦᠬᠦ ᠵᠢᠯ ᠤᠨ ᠥᠷᠨᠢᠩᠭᠦᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠵᠡᠢ᠃ | ᠵᠡᠭᠦᠨ ᠦᠵᠦᠮᠦᠴᠢᠨ ᠭᠢᠯᠢ ᠶᠢᠨ ᠪᠣᠭᠤᠮᠲᠠ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠲᠠᠭᠤ | ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠵᠠᠰᠠᠮᠠᠯ ᠵᠠᠮ ᠤᠨ ᠪᠣᠭᠤᠮᠲᠠ ᠶᠢᠨ ︽ | ᠣᠶᠤᠨᠴᠢᠯᠠᠭᠰᠠᠨ︾ ᠬᠢᠯᠢ ᠠᠯᠤᠰᠯᠠᠭᠰᠠᠨ ᠲᠡᠭᠡᠭᠡᠪᠦᠷᠢ ᠶᠢ ᠬᠡᠷᠡᠭᠵᠢᠭᠦᠯᠬᠦ ᠶᠢ ᠶᠡᠭᠡ ᠪᠠᠷ ᠳᠡᠮᠵᠢᠵᠦ᠂ ︽ᠳᠥᠷᠪᠡ ᠪᠠᠷ | ᠣᠷᠣᠭᠤᠯᠵᠤ ᠬᠤᠶᠠᠷ ᠢᠶᠠᠷ ᠭᠠᠷᠭᠠᠬᠤ︾ ᠪᠠᠷᠠᠭᠠᠨ ᠤ ᠲᠡᠭᠡᠭᠡᠪᠦᠷᠢ ᠶᠢᠨ ᠰᠢᠨ᠎ᠡ ᠵᠠᠮ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠠᠷᠠᠭ᠎ᠠ ᠶᠢ ᠪᠤᠭᠤᠮᠳᠠ ᠪᠠᠷ ᠦᠡᠭᠬᠡᠷᠡᠬᠦᠯᠬᠦ ᠶᠢ ᠨᠡᠩ | ᠰᠢᠯᠤᠭᠤᠳᠬᠠᠪᠠ᠃ ᠡᠭᠦᠨ ᠤ ᠬᠠᠮᠲᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ | ᠬᠡᠪᠴᠢᠶ᠎ᠡ ᠶᠢ ᠥᠷᠭᠡᠳᠬᠡᠵᠦ᠂ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠭᠠᠵᠠᠷ ᠢ ᠲᠠᠰ | ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠷᠠᠭᠠᠨ ᠤ ᠲᠡᠭᠡᠭᠡᠪᠦᠷᠢ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠪᠡ᠃ | ᠵᠥᠭᠡᠯᠡᠨ ᠲᠤᠨᠤᠭ ᠤᠨ ᠬᠠᠮᠢᠶᠠᠷᠤᠯᠲᠠ ᠶᠢᠨ ᠳᠠᠯ᠎ᠠ ᠪᠠᠷ ᠨᠡᠭᠦᠷᠡᠰᠦ ᠵᠡᠷᠭᠡ ᠪᠠᠷᠠᠭᠠᠨ ᠤ ᠦᠯᠢᠭᠡᠷ ᠠᠪᠬᠤ᠂ ᠰᠢᠯᠭᠠᠨ | ᠪᠠᠶᠢᠴᠠᠭᠠᠬᠤ᠂ ᠬᠢᠨᠠᠨ ᠬᠠᠮᠢᠶᠠᠷᠬᠤ ᠶᠠᠪᠤᠴᠠ ᠶᠢ ᠰᠢᠯᠢᠳᠡᠭᠵᠢᠭᠦᠯᠵᠦ᠂ ᠪᠣᠭᠤᠮᠲᠠ ᠪᠣᠯᠣᠨ ᠬᠢᠨᠠᠨ ᠬᠠᠮᠢᠶᠠᠷᠬᠤ | ᠠᠵᠢᠯ ᠤᠨ ᠲᠠᠯᠠᠪᠤᠷ ᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠠᠬᠢᠭᠤᠯᠦᠨ᠂ ᠪᠣᠭᠤᠮᠲᠠ ᠶᠢᠨ ᠠᠵᠢᠯ ᠤᠨ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠠᠷᠠᠭᠠᠨ ᠤ ᠲᠡᠭᠡᠭᠡᠪᠦᠷᠢ ᠶᠢᠨ | ᠬᠡᠷᠡᠭᠴᠡᠭᠡ ᠶᠢ ᠬᠠᠩᠭᠠᠪᠡ᠃ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠬᠢᠨᠠᠯᠳᠠ ᠬᠠᠮᠢᠶᠠᠷᠤᠯᠲᠠ ᠶᠢᠨ | ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠠᠭᠤᠳᠠᠮ᠄ ︽ᠪᠢᠳᠡ ︿ᠪᠣᠭᠤᠮᠲᠠ ᠪᠤᠯᠤᠨ ᠠᠵᠤ ᠠᠬᠤᠶᠢᠯᠠᠯ﹀ ᠤᠨ | ᠬᠤᠣᠰ ᠴᠢᠭᠯᠡᠯ ᠤᠨ ᠰᠣᠯᠢᠯᠴᠠᠭᠠᠨ ᠤ ᠬᠥᠭᠦᠷᠭᠡ ᠬᠤᠯᠪᠤᠭᠠᠰᠦ ᠶᠢ ᠢᠳᠡᠪᠬᠢᠲᠡᠢ ᠪᠠᠶᠢᠭᠤᠯᠵᠤ᠂ ᠨᠢᠭᠡ | ᠦᠷᠳᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠷᠢᠮᠲᠠᠯᠠᠵᠤ᠂ ᠠᠳᠠᠯᠢ ᠪᠤᠰᠤ | ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠣᠨᠴᠠᠯᠢᠭ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ | ᠵᠢᠯᠣᠭᠤᠳᠤᠯᠭ᠎ᠠ ᠬᠠᠨᠭ᠍ᠭᠠᠵᠤ᠂ ᠬᠦᠴᠢᠷ ᠲᠦᠪᠡᠭᠲᠡᠢ ᠠᠰᠠᠭᠤᠳᠠᠯ ᠢ ᠲᠤᠬᠠᠢ ᠶᠢᠨ ᠡᠳᠦᠷ ᠲᠤᠨᠢ ᠰᠶᠢᠳᠪᠤᠷᠢᠯᠡᠬᠦ᠂ | ᠴᠢᠬᠤᠯᠠ ᠶᠡᠭᠡ ᠵᠦᠢᠯᠡᠰ ᠢ ᠮᠥᠷᠳᠡᠨ ᠰᠶᠢᠳᠪᠦᠷᠢᠯᠡᠭᠦ ᠶᠢ ᠪᠠᠳᠤᠯᠠᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ | ᠶᠢ ᠠᠵᠦ ᠠᠬᠤᠶᠢᠯᠠᠯ ᠳᠤ ᠤᠨᠤᠪᠴᠢᠳᠠᠢ ᠭᠦᠷᠳᠡᠭᠡᠨ᠎ᠠ︾ ᠭᠡᠪᠡ᠃ |