ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠳᠤ ᠴᠢᠬᠤᠯᠠ | ᠱᠠᠭᠠᠷᠳᠠᠯᠭ᠎ᠠ ᠳᠤᠷᠠᠳᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ | ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ | ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠳᠤ ᠪᠢᠴᠢᠭ ᠤᠨ ᠬᠡᠯᠪᠡᠷᠢ ᠪᠠᠷ | ᠲᠤᠰᠢᠶᠠᠯ ᠤᠨ ᠮᠡᠳᠡᠭᠦᠯᠦᠯᠲᠡ ᠬᠢᠳᠡᠭ᠃ ᠤᠢᠢᠷ᠎ᠠ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠨᠥᠬᠦᠳ ᠲᠣᠭᠲᠠᠭᠠᠯ | ᠶᠣᠰᠣᠭᠠᠷ 2024 ᠣᠨ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠳᠤ | ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃ | ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ | ᠳᠤᠷᠠᠳᠴᠤ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ | ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ | ᠵᠢᠯ ᠮᠥᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠦᠰᠡᠷ ᠬᠦᠨᠳᠦ ᠪᠠᠶᠢᠨ᠎ᠠ᠃ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠶᠡᠭᠡ ᠪᠣᠳᠣᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ | ᠲᠠᠯᠪᠢᠬᠤ ᠬᠡᠷᠡᠭᠲᠡᠶ᠃ ᠤᠯᠤᠰ ᠲᠥᠷᠥ ᠶᠢᠨ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ | ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠠᠵᠤ ᠠᠬᠤᠶ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ | ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ | ᠤᠬᠠᠮᠰᠠᠷ ᠢᠶᠠᠨ ᠳᠡᠭᠡᠭᠰᠢᠯᠡᠭᠦᠯᠦᠨ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ | ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ | ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠬᠦ ᠬᠡᠷᠡᠭᠲᠡᠢ᠃ ᠲᠤᠰ | ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠮ ᠤᠨ ᠲᠥᠪ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ | ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃ |