ᠰᠢᠯᠢ ᠶᠢᠨ ᠭᠤᠣᠯ ᠠᠶᠢᠮᠠᠭ ᠤᠨ ᠵᠢᠩᠰᠡᠲᠦ ᠠᠭᠤᠢ ᠶᠢᠨ ᠪᠠᠭᠤᠷᠢ ᠨᠢ ᠪᠥᠬᠦ ᠤᠯᠤᠰ ᠤᠨ ᠠᠷᠪᠠᠨ ᠶᠡᠭᠡ | ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠠᠩᠬᠠᠨ ᠤ ᠰᠢᠯᠭᠠᠷᠠᠭᠤᠯᠤᠯᠲᠠ ᠳᠤ ᠳᠥᠷᠪᠡᠳᠦᠭᠡᠷ ᠲᠤ | ᠣᠷᠣᠵᠠᠢ᠃ ᠲᠤᠰ ᠪᠠᠭᠤᠷᠢ ᠨᠢ ᠵᠡᠭᠦᠨ ᠦᠵᠦᠮᠦᠴᠢᠨ ᠬᠤᠰᠢᠭᠤᠨ ᠳᠤ ᠪᠠᠶᠢᠷᠢᠯᠠᠵᠤ ᠪᠤᠢ᠃ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠬᠢᠭᠡᠳ ᠡᠷᠲᠡᠨ ᠤ ᠬᠥᠮᠥᠨ | ᠲᠥᠷᠥᠯᠬᠢᠲᠡᠨ ᠤ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠤᠳᠤᠯᠭᠠᠨ ᠤ | ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ᠂ ᠥᠪᠥᠷ ᠮᠣᠩᠭᠤᠯ ᠤᠨ ᠮᠦᠽᠧᠢ ᠵᠡᠷᠭᠡ ᠰᠠᠯᠠᠭ᠎ᠠ ᠮᠥᠴᠢᠷ ᠬᠠᠮᠲᠤᠷᠠᠨ | ᠵᠢᠩᠰᠡᠲᠦ ᠠᠭᠤᠢ ᠶᠢᠨ ᠪᠠᠭᠤᠷᠢ ᠳᠤ ᠬᠠᠭᠤᠴᠢ ᠰᠤᠳᠤᠯᠤᠯ ᠤᠨ ᠮᠠᠯᠲᠠᠯᠲᠠ ᠬᠢᠵᠦ᠂ ᠮᠠᠯᠲᠠᠭᠰᠠᠨ ᠲᠠᠯᠠᠪᠠᠶ ᠨᠢ 20 | ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠲᠠᠵᠤ ᠭᠠᠷᠭᠠᠭᠰᠠᠨ ᠸᠠᠭᠠᠷ ᠤᠨ ᠢᠯᠲᠠᠰᠤ᠂ ᠵᠠᠰᠠᠯ ᠴᠢᠮᠡᠭᠯᠡᠯ ᠤᠨ ᠡᠳ᠋᠂ | ᠶᠠᠰᠤᠨ ᠪᠠᠭᠠᠵᠢ᠂ ᠴᠢᠯᠠᠭᠤᠨ ᠡᠳ᠋ᠯᠡᠯ᠂ ᠠᠮᠢᠲᠠᠨ ᠤ ᠴᠢᠯᠠᠭᠤᠵᠢᠮᠠᠯ ᠵᠡᠷᠭᠡ ᠡᠯ᠎ᠡ ᠲᠥᠷᠥᠯ ᠤᠨ ᠰᠣᠶᠣᠯ ᠤᠨ | ᠦᠯᠡᠳᠡᠭᠳᠡᠯ 4000 ᠭᠠᠷᠤᠢ ᠪᠠᠶᠢᠨ᠎ᠠ᠃ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠤᠳᠤᠯᠭᠠᠨ ᠤ | ᠬᠦᠷᠢᠶᠡᠯᠡᠩ ᠤᠨ ᠮᠡᠷᠭᠡᠵᠢᠯᠲᠡᠳ ᠤᠨ ᠦᠵᠡᠬᠦ ᠪᠠᠷ᠂ ᠵᠢᠩᠰᠡᠲᠦ ᠠᠭᠤᠢ ᠶᠢᠨ ᠪᠠᠭᠤᠷᠢ ᠨᠢ ᠲᠤᠮᠳᠠᠳᠦ ᠤᠯᠤᠰ ᠤᠨ | ᠤᠮᠠᠷᠠᠲᠤ ᠶᠢᠨ ᠡᠷᠲᠡᠨ ᠤ ᠬᠥᠮᠥᠨ ᠲᠥᠷᠥᠯᠬᠢᠲᠡᠨ ᠤ ᠴᠢᠬᠤᠯᠠ ᠠᠭᠤᠢ ᠶᠢᠨ ᠪᠠᠭᠤᠷᠢ ᠪᠤᠯᠬᠤ ᠮᠦᠷᠲᠡᠭᠡᠨ | ᠡᠸᠦ᠋ᠷᠦᠫᠡ ᠠᠽᠢᠶ᠎ᠠ ᠶᠢᠨ ᠲᠠᠯ᠎ᠠ ᠨᠤᠲᠤᠭ ᠤᠨ ᠪᠠᠯᠠᠷ ᠡᠷᠲᠡᠨ ᠤ ᠴᠢᠬᠤᠯᠠ ᠠᠭᠤᠢ ᠶᠢᠨ ᠪᠠᠭᠤᠷᠢ ᠪᠠᠶᠢᠵᠦ᠂ | ᠡᠸᠦ᠋ᠷᠦᠫᠡ ᠠᠽᠢᠶ᠎ᠠ ᠶᠢᠨ ᠡᠬᠡ ᠭᠠᠵᠠᠷ ᠤᠨ ᠪᠠᠯᠠᠷ ᠡᠷᠲᠡᠨ ᠤ ᠰᠤᠳᠤᠯᠭ᠎ᠠ ᠶᠢ ᠪᠠᠶᠠᠯᠢᠭᠵᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | |