ᠰᠣᠶᠣᠯ ᠵᠢᠭᠤᠯᠴᠢᠯᠠᠯ ᠤᠨ ᠶᠠᠮᠤᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠪᠠ
ᠨᠡᠶᠢᠲᠡᠯᠡᠭᠰᠡᠨ ᠴᠠᠭ᠄
2025/2/5
     ᠰᠤᠷᠪᠤᠯᠵᠢᠯᠠᠭᠴᠢ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠣᠷᠭᠢᠯ ᠤᠨ ᠦᠶ᠎ᠡ ᠳᠤ ᠴᠢᠭᠯᠡᠭᠦᠯᠦᠨ᠂ ᠰᠣᠶᠣᠯ ᠵᠢᠭᠤᠯᠴᠢᠯᠠᠯ ᠤᠨ ᠶᠠᠮᠤᠨ ᠴᠢᠨᠠᠷ ᠰᠠᠶᠢᠲᠠᠶ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠳᠤ ᠨᠠᠩ ᠡᠯᠪᠡᠭ ᠪᠠᠶᠠᠯᠢᠭ ᠣᠯᠠᠨ  ᠶᠠᠩᠵᠤ  ᠶᠢᠨ  ᠵᠢᠭᠤᠯᠴᠢᠯᠠᠯ  ᠤᠨ  ᠰᠣᠩᠭᠤᠯᠲᠠ  ᠬᠠᠩᠭᠠᠬᠤ  ᠪᠣᠯᠤᠨ᠎ᠠ᠃ ᠭᠤᠤᠯ ᠠᠷᠭ᠎ᠠ ᠬᠡᠮᠵᠢᠶ᠎ᠡ ᠳᠤ ᠤᠯᠤᠰ ᠤᠨ 5A ᠲᠠᠰ ᠤᠨ 19 ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠨᠡᠶᠢᠳᠡᠯᠡᠬᠦ᠂ ︽ᠰᠢᠨ᠎ᠡ ᠤᠨ ᠤ ᠰᠠᠶᠢᠨ ᠪᠡᠯᠡᠭ ᠬᠥᠳᠡᠭᠡ ᠲᠣᠰᠬᠤᠨ ᠳᠤ ᠵᠢᠭᠤᠯᠴᠢᠯᠠᠶ᠎ᠠ︾ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠶᠢᠲᠡᠯᠡᠬᠦ᠂ ᠪᠥᠬᠦ ᠤᠯᠤᠰ ᠤᠨ 2024 — 2025 ᠮᠥᠰᠥ ᠴᠠᠰᠤᠨ ᠤ ᠵᠢᠭᠤᠯᠴᠢᠯᠠᠯ ᠤᠨ 12 ᠵᠤᠷᠪᠤᠰ ᠰᠣᠳᠣᠨ ᠵᠠᠮ ᠱᠤᠭᠤᠮ ᠢ ᠨᠡᠶᠢᠲᠡᠯᠡᠬᠦ᠂ ᠡᠯ᠎ᠡ ᠭᠠᠵᠠᠷ᠂ ᠡᠯ᠎ᠡ ᠲᠣᠮᠣ ᠲᠠᠪᠴᠠᠩ᠂ ᠴᠠᠰᠤᠨ ᠳᠤ ᠴᠡᠨᠡᠯᠡᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠪᠠ ᠴᠠᠨᠠᠯᠠᠯᠳᠠ ᠶᠢᠨ ᠲᠠᠯᠠᠪᠠᠶ ᠴᠤ ᠠᠯᠢ ᠣᠯᠠᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠡᠶᠢᠳᠡᠯᠡᠬᠦ ᠵᠡᠷᠭᠡ ᠪᠠᠭᠲᠠᠨ᠎ᠠ ᠭᠡᠵᠦ ᠳᠠᠨᠢᠯᠴᠠᠭᠤᠯᠪᠠ᠃ ᠡᠭᠦᠨ ᠠᠴᠠ ᠭᠠᠳᠠᠨ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠪᠠᠰᠠ ︽ᠠᠶᠠᠯᠠᠨ ᠵᠢᠭᠤᠯᠴᠢᠯᠠᠵᠤ ᠴᠠᠭᠠᠨ ᠰᠠᠷ᠎ᠠ ᠪᠠᠨ ᠤᠭᠲᠤᠵᠤ ᠰᠡᠯᠡᠭᠦᠴᠡᠨ ᠰᠢᠨᠡᠯᠡᠬᠦ︾ 2025 ᠣᠨ ᠤ ᠴᠠᠭᠠᠨ ᠰᠠᠷ᠎ᠠ ᠶᠢᠨ ᠵᠢᠭᠤᠯᠴᠢᠯᠠᠯ ᠤᠨ ᠲᠤᠬᠠᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠡᠷᠭᠢᠯᠡᠵᠦ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠡᠯ᠎ᠡ ᠭᠠᠵᠠᠷ ᠢ ᠵᠣᠬᠢᠶᠠᠨ ᠪᠠᠶᠢᠭᠤᠯᠵᠤ ᠴᠠᠭᠠᠨ ᠰᠠᠷ᠎ᠠ ᠶᠢᠨ ᠤᠨᠴᠠᠯᠢᠬᠳᠤ ᠵᠢᠭᠤᠯᠴᠢᠯᠠᠯ ᠤᠨ ᠦᠢᠯᠡᠳᠬᠦᠨ ᠪᠠ ᠵᠠᠮ ᠱᠤᠭᠤᠮ ᠢ ᠤᠬᠠᠭᠤᠯᠤᠨ ᠲᠠᠨᠢᠯᠴᠠᠭᠤᠯᠵᠤ᠂ ᠵᠢᠭᠤᠯᠴᠢᠯᠠᠨ ᠴᠠᠭᠠᠨ ᠰᠠᠷ᠎ᠠ ᠪᠠᠨ ᠤᠭᠲᠤᠵᠤ᠂ ᠰᠡᠯᠡᠭᠦᠴᠡᠨ ᠰᠢᠨᠡᠯᠡᠬᠦ ᠶᠢ ᠨᠢᠭᠡ ᠵᠦᠢᠯ ᠤᠨ ᠰᠢᠨ᠎ᠡ ᠵᠠᠩ ᠦᠢᠯᠡ ᠪᠤᠯᠭᠠᠬᠤ ᠪᠠᠷ ᠪᠠᠶᠢᠨ᠎ᠠ᠃      ᠰᠣᠶᠣᠯ ᠪᠠ ᠵᠢᠭᠤᠯᠴᠢᠯᠠᠯ ᠤᠨ ᠶᠠᠮᠤᠨ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ 2025 ᠣᠨ ᠤ ︽ᠬᠥᠳᠡᠭᠡ ᠲᠣᠰᠬᠤᠨ ᠢᠶᠠᠷ ᠵᠢᠭᠤᠯᠴᠢᠯᠠᠨ ᠬᠤᠳᠠᠯᠳᠤᠭ᠎ᠠ ᠮᠠᠶᠢᠮᠠᠢ ᠬᠢᠬᠦ︾ ᠬᠡᠷᠡᠭᠯᠡᠭᠡ ᠪᠠᠷ ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠶᠢ ᠥᠷᠨᠢᠭᠦᠯᠵᠦ᠂ ᠰᠣᠶᠣᠯ᠂ ᠵᠢᠭᠤᠯᠴᠢᠯᠠᠯ᠂ ᠬᠤᠳᠠᠯᠳᠤᠭ᠎ᠠ᠂ ᠲᠠᠷᠢᠶᠠᠯᠠᠩ ᠤᠨ ᠬᠦᠷᠢᠶᠡᠨ ᠳᠠᠬᠢ ᠴᠢᠨᠠᠷ ᠰᠠᠶᠢᠲᠠᠶ ᠡᠬᠢ ᠪᠠᠶᠠᠯᠢᠭ ᠤᠨ ᠬᠤᠯᠪᠣᠯᠳᠤᠨ ᠨᠡᠪᠲᠡᠷᠡᠯᠴᠡᠬᠦ᠂ ᠬᠠᠮᠲᠤᠷᠠᠯᠴᠠᠭ᠎ᠠ ᠥᠷᠨᠢᠭᠦᠯᠬᠦ ᠶᠢ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠴᠤ᠂ ᠵᠢᠭᠤᠯᠴᠢᠯᠠᠨ ᠲᠣᠭᠤᠷᠢᠬᠤ ᠪᠠᠷ ᠬᠤᠳᠠᠯᠳᠤᠨ ᠠᠪᠬᠤ ᠶᠢ ᠠᠬᠢᠭᠤᠯᠵᠤ᠂ ᠵᠢᠭᠤᠯᠴᠢᠯᠠᠬᠤ ᠪᠠ ᠬᠤᠳᠠᠯᠳᠤᠨ ᠠᠪᠬᠤ ᠶᠢ ᠤᠶᠠᠯᠳᠤᠭᠤᠯᠵᠤ᠂ ᠴᠠᠭᠠᠨ ᠰᠠᠷ᠎ᠠ ᠶᠢᠨ ᠰᠣᠶᠣᠯ ᠢ ᠪᠠᠳᠠᠷᠠᠭᠤᠯᠵᠤ᠂ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠬᠡᠷᠡᠭᠯᠡᠭᠡ ᠶᠢ ᠳᠠᠶᠢᠴᠢᠯᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号