ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ︽ᠲᠠᠪᠤᠳᠡᠬᠢ | ᠲᠤᠮᠳᠠᠳᠤ ᠤᠯᠤᠰ ᠤᠨ ᠠᠷᠠᠳ ᠤᠨ ᠴᠠᠬᠳᠠᠭ᠎ᠠ ᠶᠢᠨ ᠪᠠᠶᠠᠷ · ᠠᠷᠠᠳ ᠲᠦᠮᠡᠨ ᠳᠤ ᠮᠡᠳᠡᠬᠦᠯᠦᠶ᠎ᠡ︾ ᠭᠡᠬᠦ ᠰᠢᠷᠢᠰ | ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠠᠢ᠃ ᠬᠤᠷᠠᠯ ᠲᠡᠭᠡᠷ᠎ᠡ ᠪᠦᠬᠦ ᠤᠷᠤᠨ ᠤ ᠰᠦᠯᠵᠢᠶᠡᠨ ᠤ | ᠴᠤᠤᠷᠬᠠᠯ ᠳᠤ ᠴᠤᠬᠢᠯᠳᠠ ᠦᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠪᠠᠶᠢᠳᠠᠯ ᠢ ᠵᠠᠷᠯᠠᠨ ᠮᠡᠳᠡᠭᠳᠡᠵᠡᠢ᠃ | ᠤᠶᠢᠯᠠᠭᠠᠬᠰᠠᠨ ᠢᠶᠠᠷ᠂ 2024 ᠤᠨ ᠪᠤᠯ ᠲᠤᠳᠤᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠬᠰᠠᠨ | ᠰᠦᠯᠵᠢᠶᠡᠨ ᠤ ᠴᠤᠤᠷᠬᠠᠯ ᠳᠤ ᠴᠤᠬᠢᠯᠳᠠ ᠦᠭᠬᠦ ᠲᠤᠰᠬᠠᠢ ᠠᠵᠢᠯᠯᠠᠭ᠎ᠠ ᠶᠢᠨ ᠤᠨ ᠪᠤᠯᠤᠨ᠎ᠠ᠂ ᠲᠤᠳᠤᠭᠠᠳᠤ ᠶᠢ | ᠬᠠᠮᠠᠭᠠᠯᠠᠬᠤ ᠶᠠᠮᠤᠨ ᠤ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠪᠦᠬᠦ ᠤᠷᠤᠨ ᠤ ᠡᠯ᠎ᠡ ᠱᠠᠳᠤᠨ ᠤ | ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠰᠦᠯᠵᠢᠶᠡᠨ ᠤ ᠴᠤᠤᠷᠬᠠᠯ ᠳᠤ ᠴᠤᠬᠢᠯᠳᠠ ᠦᠭᠴᠦ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠦᠷᠨᠢᠬᠦᠯᠵᠦ᠂ ᠰᠦᠯᠵᠢᠶᠡᠨ ᠤ ᠴᠤᠤᠷᠬᠠᠯ ᠲᠠᠯᠪᠢᠬᠤ᠂ ᠴᠤᠤᠷᠬᠠᠯ ᠲᠠᠷᠬᠠᠭᠠᠬᠤ | ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ ᠢᠯᠡᠳᠳᠡ ᠦᠷ᠎ᠡ ᠪᠦᠳᠦᠮᠵᠢ ᠤᠯᠪᠠ᠃ | ᠤᠶᠢᠯᠠᠭᠠᠬᠰᠠᠨ ᠢᠶᠠᠷ᠂ ᠪᠦᠬᠦ ᠤᠷᠤᠨ ᠤ ᠡᠯ᠎ᠡ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ | ᠰᠦᠯᠵᠢᠶ᠎ᠡ ᠶᠢᠨ ᠤᠷᠤᠨ ᠵᠠᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠳᠤ ᠲᠦᠰᠢᠭᠯᠡᠨ᠂ 1453 | ᠰᠦᠯᠵᠢᠶᠡᠨ ᠤ ᠴᠤᠤᠷᠬᠠᠯ ᠤᠨ ᠰᠦᠪᠡᠭᠴᠢ ᠶᠢ ᠢᠯᠡᠷᠡᠬᠦᠯᠵᠦ᠂ 903 ᠤᠳᠠᠭ᠎ᠠ ᠶᠢᠨ ᠴᠤᠤᠷᠬᠠᠯ ᠤᠨ ᠬᠡᠷᠡᠭ ᠢ | ᠲᠠᠩᠨᠠᠨ ᠰᠶᠢᠳᠪᠦᠷᠢᠯᠡᠵᠦ᠂ ᠴᠤᠤᠷᠬᠠᠯ ᠲᠠᠯᠪᠢᠵᠤ ᠴᠤᠤᠷᠬᠠᠯ ᠲᠠᠷᠬᠠᠭᠠᠬᠰᠠᠨ 1324 ᠰᠦᠯᠵᠢᠶᠡᠨ ᠤ ᠢᠷᠬᠡᠨ ᠢ | ᠬᠠᠤᠯᠢ ᠶᠤᠰᠤᠭᠠᠷ ᠪᠠᠶᠢᠴᠠᠭᠠᠨ ᠰᠶᠢᠳᠪᠦᠷᠢᠯᠡᠵᠡᠢ᠃ ᠡᠬᠦᠨ ᠤ ᠲᠤᠳᠤᠷ᠎ᠠ᠂ ᠡᠷᠡᠬᠦᠦ ᠶᠢᠨ ᠬᠡᠷᠡᠭ ᠨᠢ 9 ᠤᠳᠠᠭ᠎ᠠ | ᠪᠠᠶᠢᠵᠤ᠂ 11 ᠬᠦᠮᠦᠨ ᠳᠤ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ | ᠠᠪᠴᠠᠢ︔ ᠵᠠᠰᠠᠬ ᠵᠠᠬᠢᠷᠭᠠᠨ ᠤ ᠬᠡᠷᠡᠭ 294 ᠪᠠᠶᠢᠵᠤ᠂ ᠵᠠᠰᠠᠬ ᠵᠠᠬᠢᠷᠭᠠᠨ ᠢᠶᠠᠷ 301 ᠬᠦᠮᠦᠨ ᠳᠤ ᠲᠤᠷᠭᠠᠭᠤᠯᠢ | ᠰᠶᠢᠳᠬᠡᠯ ᠦᠭᠴᠦ᠂ 1012 ᠬᠦᠮᠦᠨ ᠢ ᠰᠢᠬᠦᠮᠵᠢᠯᠡᠨ ᠰᠤᠷᠭᠠᠵᠤ ᠬᠦᠮᠦᠵᠢᠬᠦᠯᠵᠡᠢ᠃ | ᠰᠦᠯᠵᠢᠶᠡᠨ ᠤ ᠤᠷᠤᠨ ᠵᠠᠢ ᠶᠢᠨ ᠶᠡᠷᠦᠩᠬᠡᠶᠢᠯᠡᠭᠰᠡᠨ ᠵᠠᠰᠠᠯᠳᠠ ᠶᠢ ᠦᠷᠬᠦᠯᠵᠢᠯᠡᠨ ᠠᠬᠢᠭᠤᠯᠬᠤ ᠶᠢᠨ | ᠲᠤᠯᠠᠳᠠ᠂ ᠪᠦᠬᠦ ᠤᠷᠤᠨ ᠤ ᠡᠯ᠎ᠡ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠢᠨᠲ᠋ᠧᠷ ᠰᠦᠯᠵᠢᠶ᠎ᠡ᠂ | ᠲᠠᠪᠴᠠᠩ ᠤᠨ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠪᠠᠶᠢᠴᠠᠭᠠᠯᠳᠠ ᠶᠢ ᠦᠷᠬᠦᠯᠵᠢᠯᠡᠨ | ᠴᠢᠩᠭᠠᠳᠬᠠᠵᠤ᠂ ᠬᠤᠭᠤᠴᠠᠭ᠎ᠠ ᠲᠤᠬᠳᠠᠭᠠᠨ ᠴᠡᠭᠴᠡᠯᠡᠨ ᠵᠠᠰᠠᠬᠤ᠂ ᠰᠡᠷᠡᠮᠵᠢᠯᠡᠬᠦᠯᠬᠦ ᠵᠡᠷᠬᠡ ᠵᠠᠰᠠᠬ ᠵᠠᠬᠢᠷᠭᠠᠨ ᠤ | ᠬᠠᠤᠯᠢ ᠬᠡᠷᠡᠭᠵᠢᠬᠦᠯᠬᠦ ᠠᠷᠭ᠎ᠠ ᠬᠡᠮᠵᠢᠶ᠎ᠡ ᠪᠠᠷ ᠲᠠᠮᠵᠢᠨ᠂ ᠨᠢᠬᠡ ᠪᠦᠯᠦᠭ ᠭᠤᠤᠯ ᠴᠤᠬᠴᠠ ᠶᠢᠨ ᠬᠠᠷᠢᠭᠤᠴᠠᠯᠭ᠎ᠠ ᠪᠠ | ᠡᠬᠦᠷᠬᠡ ᠪᠠᠨ ᠬᠦᠢᠴᠡᠳᠬᠡᠬᠦ ᠦᠬᠡᠢ ᠲᠠᠪᠴᠠᠩ ᠤᠨ ᠠᠵᠤ ᠠᠬᠤᠶᠢᠯᠠᠯ ᠢ ᠪᠠᠶᠢᠴᠠᠭᠠᠨ ᠰᠶᠢᠳᠪᠦᠷᠢᠯᠡᠵᠦ᠂ ᠬᠠᠷᠢᠶ᠎ᠠ | ᠤᠷᠤᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠤᠯᠠᠮ ᠴᠢᠩᠭᠠᠳᠬᠠᠨ | ᠪᠤᠳᠠᠳᠠᠶᠢᠵᠢᠭᠤᠯᠪᠠ᠃ |