︽ᠳᠥᠷᠪᠡᠨ ᠴᠠᠭ︾ ᠨᠠᠶᠢᠷᠠᠯ ᠳᠠᠭᠤᠤ  ᠶᠢᠨ ᠦᠳᠡᠰᠢᠯᠡᠭᠡ ᠪᠡᠭᠡᠵᠢᠩ ᠤᠨ ᠦᠵᠡᠭᠴᠢᠳ ᠢ ᠪᠠᠶᠠᠰᠬᠠᠪᠠ
ᠨᠡᠶᠢᠲᠡᠯᠡᠭᠰᠡᠨ ᠴᠠᠭ᠄
2025/2/5
     ᠦᠪᠦᠷ ᠮᠤᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠠᠴᠠ ᠤᠶᠢᠯᠠᠭᠠᠭᠰᠠᠨ ᠢᠶᠠᠷ᠂ ᠲᠤᠰ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠬᠦᠮ ᠤᠷᠴᠢᠮᠬᠠᠨ ᠪᠡᠭᠡᠵᠢᠩ ᠤᠨ ᠦᠨᠳᠦᠰᠦᠲᠡᠨ ᠤ ᠰᠣᠶᠣᠯ ᠤᠨ ᠣᠷᠳᠣᠨ ᠳᠤ ︽ᠳᠥᠷᠪᠡᠨ ᠴᠠᠭ︾ ᠨᠠᠶᠢᠷᠠᠯ ᠳᠠᠭᠤᠤ ᠶᠢᠨ ᠦᠳᠡᠰᠢᠯᠡᠭᠡ ᠡᠷᠬᠢᠯᠡᠵᠤ᠂ ᠤᠮᠠᠷᠠᠲᠤ ᠬᠢᠯᠢ ᠢᠢᠨ ᠤᠳᠬ᠎ᠠ ᠤᠷᠠᠯᠢᠭ ᠤᠨ ᠰᠤᠳᠤᠨ ᠰᠠᠶᠢᠬᠠᠨ ᠢ ᠬᠠᠷᠠᠭᠤᠯᠵᠦ᠂ ᠪᠡᠭᠡᠵᠢᠩ ᠤᠨ ᠦᠵᠡᠭᠴᠢᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠠᠢ᠃      ᠦᠳᠡᠰᠢᠯᠡᠭᠡ ᠳᠤ 14 ᠳᠠᠭᠤᠤ ᠶᠢ ᠨᠠᠶᠢᠷᠠᠭᠤᠯᠤᠨ ᠪᠡᠯᠡᠳᠬᠡᠵᠦ᠂ ᠭᠦᠨ ᠵᠤᠵᠠᠭᠠᠨ ᠤᠮᠠᠷᠠᠲᠤ ᠬᠢᠯᠢ ᠢᠢᠨ ᠰᠣᠶᠣᠯ ᠤᠨ ᠣᠨᠴᠠᠯᠢᠭ ᠪᠥᠬᠦᠶ ︽ᠦᠵᠡᠰᠭᠦᠯᠡᠩᠲᠦ ᠰᠠᠶᠢᠬᠠᠨ ᠮᠢᠨᠤ ᠨᠤᠲᠤᠭ︾᠂ ︽ᠤᠭᠠᠯᠵᠠᠨ  ᠬᠡ ᠲᠠᠢ  ᠡᠮᠡᠭᠡᠯ︾᠂ ︽ᠬᠥᠳᠡᠭᠡ ᠲᠠᠯ᠎ᠠ ᠳᠤ ᠮᠥᠩᠬᠡ ᠶᠢᠨ ᠨᠠᠷᠠᠨ ᠰᠠᠴᠤᠷᠠᠨ ᠮᠠᠨᠳᠤᠯ᠎ᠠ︾ ᠵᠡᠷᠭᠡ ᠰᠣᠩᠭᠤᠳᠠᠭ ᠳᠠᠭᠤᠤ ᠶᠢ ᠪᠠᠭᠲᠠᠭᠠᠭᠰᠠᠨ ᠢᠶᠠᠷ ᠪᠠᠷᠠᠬᠤ ᠥᠬᠡᠶ ᠪᠠᠰᠠ ᠤᠷᠤᠰᠬᠠᠯ ᠳᠠᠭᠤᠤ ᠬᠦᠭᠵᠢᠮ ᠢ ᠠᠭᠤᠰᠬᠠᠭᠰᠠᠨ᠂ ᠥᠪᠡᠷᠮᠢᠴᠡ ᠰᠢᠯᠦᠭ ᠤᠨ ᠰᠠᠨᠠᠭ᠎ᠠ ᠠᠬᠤᠶ ᠪᠥᠬᠦᠶ ︽ᠬᠦᠰᠡᠯ︾᠂ ︽ᠺᠠᠩ ᠴᠢᠶᠣᠤ ᠬᠦᠬᠦᠷᠭᠡ ᠶᠢᠨ ᠠᠶᠠᠷᠯᠠᠯ︾᠂ ︽ᠦᠷᠯᠦᠭ ᠡᠵᠢ ᠶᠢᠨ ᠬᠠᠶᠢᠷ᠎ᠠ︾ ᠵᠡᠷᠭᠡ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠲᠣᠭᠯᠠᠯᠲᠠ ᠳᠤ ᠬᠠᠮᠤᠭ ᠤᠨ ᠥᠨᠳᠥᠷ ᠱᠠᠩᠨᠠᠯ ᠲᠤᠰᠤᠭᠰᠠᠨ ᠪᠦᠲᠦᠭᠡᠯ ᠤᠳ ᠢ ᠳᠠᠭᠤᠯᠠᠭᠰᠠᠨ ᠢᠶᠠᠷ ᠦᠳᠡᠰᠢᠯᠡᠭᠡ ᠶᠢᠨ ᠤᠷᠠᠯᠢᠭ ᠤᠨ ᠲᠦᠪᠰᠢᠨ ᠮᠠᠰᠢ ᠦᠨᠳᠦᠷ ᠪᠤᠯᠵᠠᠢ᠃ ︽ᠥᠪᠥᠷ ᠮᠣᠩᠭᠤᠯ ᠳᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠲᠠᠢ ᠪᠠᠶᠢᠬᠤ ᠪᠠᠷ ᠪᠠᠷᠠᠬᠤ ᠥᠬᠡᠶ᠂ ᠵᠢᠯ ᠤᠨ ᠳᠥᠷᠪᠡᠨ ᠤᠯᠠᠷᠢᠯ ᠳᠤ ᠴᠥᠮ ᠭᠤᠴᠤ ᠰᠠᠶᠢᠬᠠᠨ ᠦᠵᠡᠮᠵᠢ ᠲᠠᠢ ᠶᠤᠮ᠃ ︿ᠳᠥᠷᠪᠡᠨ ᠴᠠᠭ﹀ ᠢᠶᠠᠷ ᠭᠤᠤᠯ ᠰᠡᠳᠦᠪ ᠪᠣᠯᠭᠠᠭᠰᠠᠨ ᠳᠠᠭᠤᠤ ᠬᠥᠭᠵᠢᠮ ᠤᠨ ᠦᠳᠡᠰᠢᠯᠡᠭᠡ ᠪᠣᠯ ᠪᠢᠳᠡᠨ ᠤ ︿ᠠᠶᠠᠯᠭᠤᠳᠤ ᠵᠢᠭᠤᠯᠴᠢᠯᠠᠯ ᠥᠪᠥᠷ ᠮᠣᠩᠭᠤᠯ﹀ ᠭᠡᠬᠦ ᠲᠦᠷᠦᠯ ᠲᠡᠮᠳᠡᠭ ᠢ ᠪᠥᠬᠦ ᠬᠦᠴᠦ ᠪᠠᠷ ᠢᠶᠠᠨ ᠴᠣᠭᠴᠠᠯᠠᠬᠤ ᠳᠤ ᠬᠢᠭᠰᠡᠨ ᠬᠠᠶᠢᠨ ᠰᠥᠪᠡᠭᠴᠢᠯᠡᠯᠲᠡ ᠪᠣᠯᠤᠨ᠎ᠠ᠃ ᠨᠠᠶᠢᠷᠠᠯ ᠳᠠᠭᠤᠤ ᠭᠡᠬᠦ ᠤᠷᠠᠯᠢᠭ ᠤᠨ ᠬᠡᠯᠪᠡᠷᠢ ᠪᠠᠷ ᠳᠠᠮᠵᠢᠨ ᠨᠡᠶᠢᠰᠯᠡᠯ ᠪᠡᠬᠡᠵᠢᠩ᠂ ᠴᠢᠨᠠᠭᠰᠢᠯᠠᠪᠠᠯ ᠪᠦᠬᠦ ᠤᠯᠤᠰ ᠤᠨ ᠦᠵᠡᠭᠴᠢᠳ ᠲᠤ ᠥᠪᠥᠷ ᠮᠣᠩᠭᠤᠯ ᠢ ᠤᠢᠢᠯᠠᠭᠠᠭᠤᠯᠬᠤ ᠶᠢᠨ ᠤᠯᠠᠮ ᠢᠶᠠᠷ ᠥᠪᠥᠷ ᠮᠣᠩᠭᠤᠯ ᠳᠤ ᠨᠡᠩ ᠬᠦᠨ ᠬᠠᠶᠢᠷ᠎ᠠ ᠰᠡᠳᠬᠢᠯᠬᠡ ᠲᠠᠢ ᠪᠤᠯᠬᠤ ᠶᠢ ᠬᠦᠰᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠬᠦᠮ ᠤᠨ ᠳᠠᠷᠤᠭ᠎ᠠ ᠨᠠᠷᠠᠰᠤ ᠬᠡᠯᠡᠨ᠎ᠠ᠃ ᠡᠭᠦᠨ ᠠᠴᠠ ᠭᠠᠳᠠᠨ᠎ᠠ᠂ ᠮᠣᠷᠢᠨ ᠬᠤᠭᠤᠷ ᠤᠨ ᠨᠠᠶᠢᠷᠠᠯ ᠬᠦᠭᠵᠢᠮ᠂ ᠬᠥᠭᠡᠮᠡᠢ᠂ ᠤᠷᠲᠤ ᠢᠢᠨ ᠳᠠᠭᠤᠤ ᠵᠡᠷᠭᠡ ᠥᠪᠥᠷ ᠮᠣᠩᠭᠤᠯ ᠤᠨ ᠣᠨᠴᠠᠯᠢᠭ ᠪᠦᠬᠦᠢ ᠤᠷᠠᠯᠢᠭ ᠤᠨ ᠬᠡᠯᠪᠡᠷᠢ ᠨᠢ ᠳᠠᠭᠤᠤ ᠬᠥᠭᠵᠢᠮ ᠤᠨ ᠦᠳᠡᠰᠢᠯᠡᠭᠡ ᠳᠤ ᠤᠮᠠᠷᠠᠲᠤ ᠬᠢᠯᠢ ᠶᠢᠨ  ᠤᠨᠴᠠᠯᠢᠭ ᠢ ᠵᠤᠵᠠᠭᠠᠳᠬᠠᠵᠤ᠂ ᠪᠡᠭᠡᠵᠢᠩ ᠤᠨ ᠦᠵᠡᠭᠴᠢᠳ ᠲᠤ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠤᠭᠳᠠᠬᠤᠨ ᠢ ᠣᠯᠠᠨ ᠡᠰᠢᠴᠢᠯᠡᠨ ᠳᠡᠯᠭᠡᠨ ᠦᠵᠡᠭᠦᠯᠵᠠᠢ᠃ ᠲᠤᠰ ᠤᠳᠠᠭ᠎ᠠ ᠶᠢᠨ ᠦᠳᠡᠰᠢᠯᠡᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠥᠪᠯᠡᠯ ᠠᠴᠠ ᠭᠤᠣᠯᠯᠠᠨ ᠡᠷᠬᠢᠯᠡᠵᠦ  ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ  ᠬᠦᠷᠢᠶᠡᠯᠡᠩ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠬᠠᠷᠢᠶ᠎ᠠ ᠤᠯᠠᠭᠠᠨ ᠲᠢᠶᠠᠲᠷ ᠺᠣᠮᠫᠠᠨᠢ ᠳᠠᠭᠠᠭᠠᠴᠢᠯᠠᠨ ᠡᠷᠬᠢᠯᠡᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号