ᠣᠷᠴᠢᠮ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2025 | ᠣᠨ ᠤ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ | ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ 2 ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠳᠦᠷᠤ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ | ᠬᠦᠠᠵᠠᠭᠡᠢ ᠰᠤᠷᠤᠯᠴᠠᠨ ᠲᠤᠭᠤᠰᠢᠯᠠᠭᠤᠯᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠭᠦ | ᠲᠠᠯ᠎ᠠ ᠪᠠᠷ ᠡᠮᠬᠢᠯᠡᠨ ᠲᠢᠭᠯᠡᠵᠦ᠂ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠵᠦ᠂ ᠡᠯ᠎ᠡ ᠵᠦᠢᠯ ᠤᠨ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠠᠢ᠃ ᠪᠠᠷᠠᠯᠠᠯᠳᠤ ᠴᠢᠨᠠᠷ᠂ | ᠰᠢᠨᠵᠢᠯᠡᠬᠦ ᠤᠬᠠᠭᠠᠨᠴᠢ ᠴᠢᠨᠠᠷ ᠤᠨ ᠵᠠᠷᠴᠢᠮ ᠢ ᠪᠠᠷᠢᠮᠲᠠᠯᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠲᠥᠯᠦᠪᠵᠢᠭᠦᠯᠭᠡ ᠶᠢᠨ ᠬᠡᠷᠡᠭᠵᠢᠭᠦᠯᠤᠰᠢᠳᠠᠢ ᠪᠦᠭᠡᠳ ᠦᠷ᠎ᠡ ᠪᠦᠲᠦᠮᠵᠢ ᠣᠯᠵᠤ ᠴᠢᠳᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠠᠵᠤ ᠠᠬᠤᠢ ᠶᠢᠨ ᠠᠵᠢᠯ ᠢ ᠨᠡᠩ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠰᠠᠶᠢᠲᠤᠷ ᠠᠳᠬᠤᠵᠤ᠂ | ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ | ᠴᠡᠭ ᠢ ᠪᠤᠶᠢᠵᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠪᠣᠯᠣᠨ ᠡᠮᠦᠨ᠎ᠡ ᠹᠷᠣᠨᠲ ᠤᠨ ᠺᠠᠳ᠋ᠷ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠡᠯ᠎ᠡ ᠬᠦᠷᠢᠶᠡᠨ ᠤ ᠵᠥᠷᠢᠴᠡᠯ ᠵᠠᠭᠤᠷᠠᠯᠳᠤᠭᠠᠨ ᠢ ᠵᠢᠬᠰᠠᠭᠠᠨ ᠪᠠᠶᠢᠴᠠᠭᠠᠵᠦ ᠰᠶᠢᠳᠪᠦᠷᠢᠯᠡᠬᠦ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠡᠶ᠎ᠡ ᠵᠣᠬᠢᠴᠠᠩᠭᠤᠢ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ | ᠰᠶᠢᠳᠪᠦᠷᠢᠯᠡᠬᠦ ᠠᠵᠢᠯ ᠢ ᠲᠦᠷᠭᠡᠨ ᠠᠬᠢᠭᠤᠯᠵᠤ᠂ ᠤᠯᠠᠨ ᠲᠦᠮᠡᠨ ᠤ ᠵᠣᠪᠠᠨᠢᠯ ᠪᠤᠬᠢᠨᠢᠳᠤᠯ ᠬᠦᠴᠢᠷᠳᠡᠯ ᠢ ᠦᠨᠡᠨ ᠬᠦ | ᠰᠠᠶᠢᠲᠤᠷ ᠰᠶᠢᠳᠪᠦᠷᠢᠯᠡᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ | ᠤᠨᠲᠠᠷᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠠ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ | ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠡᠳ᠋ ᠪᠣᠳᠠᠰ ᠤᠨ | ᠨᠥᠭᠡᠴᠡ ᠪᠠ ᠬᠥᠮᠥᠨ ᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠠ᠂ ᠤᠢ ᠰᠢᠭᠤᠢ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ | ᠭᠡᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |