ᠣᠷᠴᠢᠮ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ | ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠵᠠᠩ ᠪᠠᠢ ᠴᠧᠩ ᠣᠷᠣᠯᠴᠠᠬᠰᠠᠨ | ᠪᠦᠭᠡᠳ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠰᠦᠨ ᠰᠢᠩ ᠢᠦᠢ ᠶᠤᠰᠤᠯᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ | ᠪᠢᠴᠢᠭ ᠤᠨ ᠳᠠᠷᠤᠭ᠎ᠠ ᠶᠠᠩ ᠯᠢ ᠣᠷᠣᠯᠴᠠᠵᠠᠢ᠃ | ᠵᠠᠩ ᠪᠠᠢ ᠴᠧᠩ ᠬᠡᠯᠡᠬᠦ ᠳᠡᠭᠡᠨ᠂ ᠣᠳᠣᠬᠠᠨ ᠤ ᠪᠦᠬᠦ ᠠᠶᠢᠮᠠᠭ ᠤᠨ ᠭᠤᠣᠯ ᠡᠭᠦᠷᠭᠡ ᠪᠣᠯ ᠳᠠᠷᠤᠢ ᠨᠢᠭᠡ | ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ | ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠠᠪᠤᠳᠠᠯ | ᠪᠤᠯᠤᠨ᠎ᠠ᠂ ᠲᠣᠭᠲᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠵᠠᠩᠭᠢᠯᠠᠭ᠎ᠠ ᠨᠢ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠤᠨ ᠴᠢᠳᠠᠪᠤᠷᠢ ᠬᠡᠪ ᠴᠢᠨᠠᠷ ᠲᠠᠢ ᠬᠤᠯᠪᠤᠬᠳᠠᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠦᠳ ᠤᠯᠤᠰ | ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ | ᠴᠢᠷᠮᠠᠶᠢᠨ ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠶᠡᠭᠡ ᠲᠠᠯ᠎ᠠ ᠳᠤ | ᠦᠢᠯᠡᠴᠢᠯᠡᠬᠦ ᠮᠡᠷᠭᠡᠨ ᠬᠥᠮᠥᠨ ᠪᠣᠯᠬᠤ ᠬᠡᠷᠡᠭᠲᠡᠢ︔ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ | ᠳᠡᠭᠡᠷ᠎ᠡ ᠬᠦᠴᠦ ᠲᠠᠯᠪᠢᠵᠤ᠂ ᠲᠦᠷᠦ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠬᠦᠴᠦᠯᠡᠨ | ᠴᠢᠩᠭᠠᠳᠬᠠᠵᠤ᠂ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠲᠠᠯ᠎ᠠ ᠪᠠᠷ ᠮᠡᠷᠭᠡᠰᠢᠭᠰᠡᠨ ᠬᠥᠮᠥᠨ ᠪᠣᠯᠬᠤ ᠬᠡᠷᠡᠭᠲᠡᠢ︔ | ᠰᠢᠨ᠎ᠡ ᠶᠢ ᠡᠭᠦᠳᠬᠦ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ | ᠬᠥᠭᠵᠢᠯᠲᠡ ᠶᠢᠨ ᠳᠤᠮᠳᠠᠬᠢ ᠠᠷᠭ᠎ᠠ ᠵᠠᠮ ᠤᠨ ᠲᠦᠰᠢᠭᠯᠡᠯ ᠠᠴᠠ ᠵᠠᠶᠢᠯᠠᠰᠬᠢᠵᠦ᠂ ᠠᠷᠭ᠎ᠠ ᠪᠠᠷᠢᠯ ᠤᠨ ᠲᠤᠲᠤᠷᠠᠬᠢ | ᠲᠤᠷᠰᠢᠯᠭ᠎ᠠ ᠶᠢᠨ ᠦᠵᠡᠯ ᠢ ᠲᠡᠪᠴᠢᠠ᠂ ᠠᠵᠢᠯ ᠤᠨ ᠳᠤᠮᠳᠠᠬᠢ ᠬᠦᠯᠢᠶᠡᠨ ᠳᠦᠰᠢᠭᠯᠡᠬᠦ ᠦᠵᠡᠯ ᠰᠠᠨᠠᠭ᠎ᠠ ᠶᠢ | ᠲᠠᠶᠠᠭᠳᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠵᠠᠮ ᠨᠡᠭᠡᠭᠡᠭᠴᠢ ᠪᠣᠯᠬᠤ ᠬᠡᠷᠡᠭᠲᠡᠢ︔ | ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠤᠯᠠᠨ | ᠲᠦᠮᠡᠨ ᠢ ᠰᠡᠳᠬᠢᠯ ᠳᠡᠭᠡᠨ ᠪᠤᠳᠤᠵᠤ᠂ ᠦᠷᠭᠦᠯᠵᠢ ᠤᠯᠠᠨ ᠲᠦᠮᠡᠨ ᠤ ᠳᠤᠮᠳᠠ ᠭᠦᠨᠵᠡᠭᠡᠶᠢᠷᠡᠠ᠂ ᠤᠯᠠᠨ ᠲᠦᠮᠡᠨ ᠢ | ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠤᠯᠠᠨ ᠲᠦᠮᠡᠨ ᠤ ᠳᠡᠷᠭᠡᠳᠡᠬᠢ ᠳᠣᠲᠣᠨᠣ ᠬᠥᠮᠥᠨ ᠪᠣᠯᠬᠤ ᠬᠡᠷᠡᠭᠲᠡᠢ︔ | ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠲᠡᠷᠡ | ᠴᠢᠭ ᠢᠶᠠᠷ ᠨᠢ ᠨᠠᠶᠢᠳᠠᠪᠤᠷᠢᠵᠢᠭᠤᠯᠬᠤ ᠶᠢ ᠪᠠᠷᠢᠮᠲᠠᠯᠠᠠ᠂ ᠪᠤᠰᠢᠭᠤ ᠱᠠᠯᠠᠮᠠᠭᠠᠢ ᠲᠦᠷᠭᠡᠨ ᠬᠦᠳᠡᠯᠦᠯᠴᠡᠵᠦ᠂ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠠᠵᠢᠯᠯᠠᠠ᠂ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠶᠢᠨ ᠳᠠᠭᠠᠭᠤᠯᠤᠭᠴᠢ ᠪᠣᠯᠬᠤ ᠬᠡᠷᠡᠭᠲᠡᠢ︔ ᠢᠯᠵᠢᠷᠡᠯ ᠢ ᠡᠰᠡᠷᠭᠦᠴᠡᠵᠦ ᠬᠤᠪᠢᠷᠠᠬᠤ ᠶᠢ | ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠦᠵᠡᠯ ᠰᠠᠨᠠᠭᠠᠨ ᠤ ︽ | ᠰᠡᠷᠭᠡᠶᠢᠯᠡᠯᠲᠡ ᠶᠢᠨ ᠱᠤᠭᠤᠮ︾ ᠢᠰᠠᠶᠢᠲᠤᠷ ᠪᠠᠬᠢᠵᠢᠬᠦᠯᠵᠦ᠂ ᠦᠢᠯᠡ ᠠᠵᠢᠯᠯᠠᠭ᠎ᠠ ᠶᠢᠨ ︽ᠰᠡᠷᠭᠡᠶᠢᠯᠡᠯᠲᠡ ᠶᠢᠨ | ᠬᠡᠷᠡᠮ︾ ᠢ ᠰᠠᠶᠢᠳᠣᠷ ᠴᠣᠭᠴᠠᠯᠠᠠ᠂ ᠳᠡᠷᠭᠡᠳᠡᠬᠢ ︽ᠬᠠᠷᠢᠯᠴᠠᠭᠠᠨ ᠤ ᠲᠣᠣᠷ︾ ᠢ ᠴᠡᠪᠡᠷᠰᠢᠭᠦᠯᠵᠦ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠰᠠᠨ ᠰᠡᠷᠭᠡᠭ ᠬᠥᠮᠥᠨ ᠪᠣᠯᠬᠤ ᠬᠡᠷᠡᠭᠲᠡᠢ ᠭᠡᠵᠠᠢ᠃ | ᠵᠠᠩ ᠪᠠᠢ ᠴᠧᠩ ᠪᠠᠰᠠ ᠨᠠᠮ ᠤᠨ ᠰᠤᠷᠭᠠᠭᠤᠯᠢ ᠶᠢᠨ ᠠᠵᠢᠯ ᠳᠤ ᠱᠠᠭᠠᠷᠳᠠᠯᠭ᠎ᠠ ᠳᠤᠷᠠᠳᠴᠤ᠂ ᠨᠠᠮ ᠤᠨ | ᠰᠤᠷᠭᠠᠭᠤᠯᠢ ᠶᠢᠨ ᠨᠠᠮ ᠤᠨ ᠳᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠱᠠᠭᠠᠷᠳᠠᠯᠭ᠎ᠠ ᠶᠢ | ᠪᠣᠳᠠᠲᠠᠢ ᠨᠠᠶᠢᠳᠠᠪᠤᠷᠢᠵᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠦᠨ᠂ | ᠰᠤᠷᠭᠠᠭᠤᠯᠢ ᠶᠢ ᠴᠢᠩᠭ᠎ᠠ ᠵᠠᠰᠠᠬᠤ ᠶᠢ ᠴᠢᠨᠠᠭᠰᠢᠳᠠ ᠴᠢᠩᠭᠠᠳᠬᠠᠵᠤ᠂ ᠪᠦᠬᠦ ᠠᠶᠢᠮᠠᠭ ᠤᠨ ᠨᠠᠮ ᠤᠨ | ᠰᠤᠷᠭᠠᠭᠤᠯᠢ ᠶᠢᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ | ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ | ᠤᠳᠤᠷᠢᠳᠬᠤ ᠪᠠᠭ ᠤᠨ ᠪᠦᠷᠢᠯᠳᠦᠭᠦᠨ ᠪᠠ ᠪᠠᠭᠰᠢ ᠠᠵᠢᠯᠲᠠᠨ᠂ ᠰᠤᠷᠭᠠᠭᠤᠯᠢ ᠳᠤ ᠰᠤᠷᠤᠯᠴᠠᠵᠦ ᠪᠠᠶᠢᠭ᠎ᠠ | ᠰᠤᠷᠤᠯᠭᠠᠲᠠᠳ ᠣᠷᠣᠯᠴᠠᠵᠠᠢ᠃ | |