ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠬᠢᠯᠭᠠᠨ ᠮᠡᠳᠡᠭᠡ ᠳᠣᠮᠳᠠᠳᠤ ᠣᠯᠣᠰ ᠤᠨ ᠡᠪ | ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ | ᠪᠠᠶᠢᠭ᠎ᠠ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ | ᠰᠠᠨᠠᠭᠤᠯᠭ᠎ᠠ ᠶᠢ ᠨᠢ ᠰᠣᠨᠣᠰᠴᠠᠶ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ | ᠲᠤᠬᠠᠢ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠣᠯᠤᠨ ᠴᠢᠳᠠᠪᠤᠷᠢᠲᠠᠨ ᠳᠠᠬᠢ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠴᠢᠳᠠᠪᠤᠷᠢᠲᠠᠨ ᠴᠣᠯᠭᠤᠷᠠᠨ | ᠭᠠᠷᠬᠤ᠂ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ᠂ ᠴᠢᠳᠠᠪᠦᠷᠢ ᠶᠢᠨ ᠬᠢᠷᠢ ᠪᠠᠷ ᠨᠢ ᠬᠡᠷᠡᠭᠯᠡᠬᠦ | ᠠᠮᠢᠳᠤᠯᠢᠭ ᠪᠠᠶᠢᠳᠠᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ | ᠬᠤᠶᠠᠷ ᠬᠤᠷᠠᠯ ᠳᠤ ᠣᠷᠣᠯᠴᠠᠭᠰᠠᠨ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠳᠠᠨ᠂ ᠪᠦᠬᠦ | ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠡᠮᠡᠭᠲᠡᠶᠢᠴᠤᠳ ᠪᠣᠯᠤᠨ ᠭᠠᠳᠠᠭᠠᠳᠤ ᠳᠤ | ᠪᠠᠶᠢᠭ᠎ᠠ ᠡᠮᠡᠭᠲᠡᠢ ᠬᠠᠷᠢᠶᠠᠲᠤ ᠨᠡᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ | ᠳᠡᠪᠰᠢᠭᠦᠯᠪᠡ᠃ | ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ | ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠵᠡᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠵᠠᠩ ᠶᠦᠨ ᠺᠠᠶ᠂ ᠼᠠᠢ ᠭᠤᠸᠠᠩ ᠵᠢᠶᠧ᠂ ᠵᠧᠩ ᠵᠢᠶᠠ ᠵᠢᠶᠠᠨ᠂ | ᠰᠢᠤᠢ ᠺᠦᠨ᠂ ᠼᠦᠢ ᠶᠠ ᠯᠢ᠂ ᠮᠠ ᠵᠢᠩ ᠯᠢᠨ ᠵᠡᠷᠭᠡ 6 ᠭᠡᠰᠢᠭᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ | ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ᠂ ᠰᠠᠭᠤᠷᠢ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠡᠦᠬᠡᠳ ᠵᠠᠯᠠᠭᠤᠴᠤᠳ ᠪᠠᠭᠠᠴᠤᠳ ᠤᠨ ᠤᠩᠰᠢᠯᠭ᠎ᠠ ᠶᠢᠨ ᠠᠮᠢ | ᠠᠬᠤᠶ ᠶᠢ ᠴᠣᠭᠴᠠᠯᠠᠬᠤ᠂ ᠤᠯᠤᠰ ᠤᠨ ᠰᠤᠷᠭᠠᠨ ᠬᠥᠮᠦᠵᠢᠯ ᠤᠨ ᠣᠶᠤᠨᠴᠢ ᠰᠦᠯᠵᠢᠶᠡᠨ ᠤ ᠪᠠᠶᠢᠭᠤᠯᠤᠯᠲᠠ ᠶᠢ ᠠᠬᠢᠭᠤᠯᠬᠤ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠭᠴᠠᠵᠢᠭᠤᠯᠤᠨ | ᠬᠥᠭᠵᠢᠭᠦᠯᠬᠦ ᠶᠢ ᠠᠬᠢᠭᠤᠯᠬᠤ᠂ ᠰᠤᠷᠭᠠᠭᠤᠯᠢ ᠶᠢᠨ ᠬᠢᠴᠢᠶᠡᠯ ᠳᠤ ᠲᠦᠰᠢᠭᠯᠡᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ | ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠤᠯᠠᠨ ᠤ ᠬᠡᠯᠡᠭᠰᠡᠨ ᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠤᠯᠠᠨ ᠲᠠᠢ ᠬᠠᠮᠲᠤ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠭᠡᠵᠦ | ᠢᠯᠡᠳᠬᠡᠪᠡ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠶᠢ ᠲᠦᠯᠦᠭᠡᠯᠡᠨ᠂ ᠠᠳᠡ ᠰᠠᠭᠤᠵᠤ | ᠪᠠᠶᠢᠭ᠎ᠠ ᠭᠡᠰᠢᠭᠦᠳ ᠲᠤ᠂ ᠮᠦᠨ ᠴᠦ ᠥᠷᠭᠡᠨ ᠤᠯᠠᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ | ᠬᠤᠷᠠᠯ ᠤᠨ ᠪᠦᠷᠢᠯᠳᠦᠭᠦᠨ ᠪᠠ ᠰᠤᠷᠭᠠᠨ ᠬᠥᠮᠦᠵᠢᠯ ᠤᠨ ᠡᠲᠡᠭᠡᠳ ᠤᠨ ᠬᠥᠮᠥᠰ᠂ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | | | | | | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ | ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ | ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠵᠦ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ | ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠶ᠃ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ | ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | | | ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠭᠤᠣᠯ | ᠡᠭᠦᠷᠭᠡ ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ | ᠠᠬᠢᠭᠤᠯᠬᠤ ᠬᠤᠷᠠᠯ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠪᠦᠷᠢᠯᠳᠦᠭᠦᠨ ᠭᠤᠣᠯ | ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠵᠤ᠂ ᠨᠡᠶᠢᠭᠡᠮ ᠤᠨ ᠦᠢᠯᠡᠴᠢᠯᠡᠭᠡ ᠳᠤ ᠣᠷᠣᠯᠴᠠᠵᠤ᠂ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠪᠦᠲᠦᠮᠵᠢ | ᠣᠯᠪᠠ᠃ ᠥᠷᠭᠡᠨ ᠤᠯᠠᠨ ᠰᠤᠷᠭᠠᠨ ᠬᠥᠮᠦᠵᠢᠯ ᠤᠨ ᠡᠲᠡᠭᠡᠳ ᠤᠨ ᠬᠥᠮᠥᠰ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ︽ᠲᠠᠪᠤᠨ ᠬᠥᠮᠦᠵᠢᠯ︾ ᠢ ᠵᠡᠷᠭᠡ ᠪᠠᠷ ᠠᠳᠬᠤᠬᠤ | ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠶᠢ ᠠᠬᠢᠭᠤᠯᠬᠤ ᠳᠤ ᠰᠢᠨ᠎ᠡ ᠠᠯᠬᠤᠮ ᠢ ᠠᠯᠬᠤᠵᠠᠢ ᠭᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ | ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠰᠤᠷᠭᠠᠭᠤᠯᠢ ᠡᠷᠭᠢᠯᠡᠬᠦ ᠵᠥᠪ | ᠴᠢᠭᠯᠡᠯ ᠢ ᠪᠠᠷᠢᠮᠲᠠᠯᠠᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ | ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ᠃ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ | ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠤ | ᠬᠥᠮᠦᠵᠢᠯ ᠢ ᠤᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ | ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠪᠠᠶᠢᠭᠤᠯᠤᠯᠲᠠ ᠪᠣᠯᠣᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ᠂ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯᠣᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠶᠢ ᠵᠡᠷᠭᠡ ᠪᠠᠷ | ᠤᠷᠤᠭᠰᠢᠯᠠᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ︽ᠪᠠᠭ᠎ᠠ ᠬᠢᠴᠢᠶᠡᠯ ᠤᠨ | ᠲᠠᠩᠬᠢᠮ︾ ᠪᠣᠯᠣᠨ ᠨᠡᠶᠢᠭᠡᠮ ᠤᠨ ︽ᠶᠡᠭᠡ ᠬᠢᠴᠢᠶᠡᠯ ᠤᠨ ᠲᠠᠩᠬᠢᠮ︾ ᠢ ᠪᠦᠲᠦᠮᠵᠢᠲᠡᠢ ᠠᠭᠤᠰᠤᠯᠴᠠᠭᠤᠯᠵᠤ᠂ ᠶᠣᠰᠣ | ᠰᠤᠷᠲᠠᠬᠤᠨ ᠤ ᠬᠥᠮᠦᠵᠢᠯ ᠤᠨ ᠠᠵᠢᠯ ᠢ ᠨᠡᠩ ᠪᠣᠳᠠᠲᠠᠢ᠂ ᠨᠡᠩ ᠪᠦᠲᠦᠮᠵᠢᠲᠡᠢ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢᠨ ᠦᠨᠳᠦᠰᠦ ᠨᠢ ᠰᠤᠷᠭᠠᠨ ᠬᠥᠮᠦᠵᠢᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠪᠤᠢ᠃ | ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠳᠣᠬᠢᠭᠤᠷ ᠤᠨ | ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠬᠠᠮᠢᠶᠠᠷᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠬᠠᠤᠯᠢ | ᠶᠣᠰᠣᠭᠠᠷ ᠰᠤᠷᠭᠠᠨ ᠬᠥᠮᠦᠵᠢᠯ ᠢ ᠵᠠᠰᠠᠬᠤ ᠪᠠ ᠬᠠᠮᠢᠶᠠᠷᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠣᠳᠣᠬᠢᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠠᠮᠠ ᠶᠢᠨ ᠪᠦᠲᠦᠴᠡ ᠶᠢᠨ | ᠬᠤᠪᠢᠷᠠᠯᠲᠠ ᠳᠤ ᠵᠣᠬᠢᠴᠠᠵᠤ᠂ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ | ᠪᠣᠯᠤᠨ ᠨᠡᠶᠢᠭᠡᠮ ᠤᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠡᠩ ᠵᠦᠢ ᠵᠣᠬᠢᠰᠲᠠᠢ ᠥᠨᠳᠥᠷ | ᠪᠦᠲᠦᠮᠵᠢᠲᠡᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠤᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ | ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ | ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠰᠠᠶᠢᠨ ᠬᠤᠷᠰᠢᠯᠴᠠᠯ ᠢ ᠪᠡᠶᠡᠯᠡᠭᠦᠯᠵᠦ᠂ ᠰᠤᠷᠭᠠᠨ ᠬᠥᠮᠦᠵᠢᠯ ᠤᠨ | ᠤᠳᠤᠷᠢᠳᠤᠮᠵᠢ ᠶᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭᠠᠭᠤᠷᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ | ᠬᠡᠷᠡᠭᠲᠡᠢ᠃ ᠰᠠᠭᠤᠷᠢ ᠰᠢᠨᠵᠢᠯᠡᠭᠡᠨ ᠤ ᠰᠠᠯᠠᠭ᠎ᠠ ᠪᠣᠯᠤᠨ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠰᠢᠪᠲᠤᠯᠤᠯᠲᠠ ᠶᠢᠨ | ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠠᠵᠤ ᠠᠬᠤᠶᠢᠯᠠᠯ ᠣᠷᠣᠨ ᠨᠤᠲᠤᠭ ᠤᠨ ᠬᠠᠮᠲᠤᠷᠠᠭᠰᠠᠨ | ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ | ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ | ᠰᠤᠷᠭᠠᠨ ᠬᠥᠮᠦᠵᠢᠯ ᠤᠨ ᠲᠣᠭᠠᠴᠢᠯᠠᠯᠲᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠤᠷᠤᠯᠴᠠᠬᠤ ᠬᠡᠯᠪᠡᠷᠢ ᠶᠢᠨ | ᠨᠡᠶᠢᠭᠡᠮ ᠢ ᠪᠠᠶᠢᠭᠤᠯᠵᠤ᠂ ᠡᠯ᠎ᠡ ᠲᠦᠷᠦᠯ ᠤᠨ ᠬᠡᠯᠪᠡᠷᠢ ᠡᠯ᠎ᠡ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠥᠷᠢᠰᠥᠯᠳᠦᠨ | ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠪᠦᠬᠦ ᠨᠠᠮ ᠪᠦᠬᠦ | ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠲᠤᠰᠬᠠᠢ ᠵᠥᠪᠯᠡᠬᠦ | ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠮᠦᠰ ᠤᠨ ᠰᠡᠳᠭᠢᠯ ᠢ ᠥᠷᠭᠡᠨ ᠢᠶᠠᠷ ᠨᠢᠭᠲᠠᠷᠠᠭᠤᠯᠤᠨ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠤᠨ ᠬᠦᠴᠦᠨ ᠴᠢᠳᠠᠯ ᠢ ᠨᠢᠭᠲᠠᠷᠠᠭᠤᠯᠵᠤ᠂ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ | ᠬᠤᠷᠠᠯ ᠤᠨ ᠪᠦᠷᠢᠯᠳᠦᠬᠦᠨ ᠪᠣᠯᠤᠨ ᠰᠤᠷᠭᠠᠨ ᠬᠥᠮᠦᠵᠢᠯ ᠤᠨ ᠡᠲᠡᠭᠡᠳ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ | ᠲᠣᠭᠲᠠᠴᠠ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠪᠠ ᠬᠥᠭᠵᠢᠯᠲᠡ ᠶᠢᠨ ᠦᠢᠯᠡᠳᠦᠯᠭᠡ ᠳᠤ ᠣᠷᠣᠯᠴᠠᠬᠤ ᠶᠢ ᠨᠡᠩ | ᠰᠠᠶᠢᠲᠤᠷ ᠳᠡᠮᠵᠢᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ |