ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ | ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ | ᠪᠦᠯᠭᠦᠮ ᠤᠨ ᠪᠦᠭᠦᠳᠠ ᠬᠤᠷᠠᠯ ᠳᠤ ᠣᠷᠤᠯᠴᠠᠬᠤ ᠳᠠᠭᠠᠨ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠬᠦ ᠨᠢ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ | ᠶᠤᠮ᠃ ᠢᠲᠡᠭᠡᠯ ᠵᠣᠷᠢᠭ ᠢᠶᠠᠨ ᠪᠠᠲᠤᠳᠬᠠᠵᠤ᠂ ᠥᠷᠢᠰᠦᠯᠳᠦᠭᠡᠨ ᠳᠤ ᠰᠢᠭᠤᠳ ᠬᠠᠨᠳᠤᠵᠤ᠂ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠨᠲᠡ ᠲᠣᠭᠲᠠᠭᠰᠠᠨ ᠬᠠᠷᠠᠯᠲᠠ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 3 ᠰᠠᠷ᠎ᠠ ᠶᠢᠨ 7 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠠ ᠬᠤᠷᠠᠯ ᠳᠤ ᠣᠷᠤᠯᠴᠠᠬᠤ ᠶᠢᠨ ᠬᠠᠮᠲᠤ ᠴᠢᠬᠤᠯᠠ | ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | | | ᠬᠤᠷᠠᠯ ᠳᠡᠭᠡᠷ᠎ᠡ ᠵᠧᠦ ᠭᠠᠩ᠂ ᠯᠢ ᠳ᠋ᠦᠩ᠂ ᠹᠧᠩ ᠶᠠᠨ᠂ ᠵᠧᠩ ᠶᠤᠸᠠᠨ ᠯᠢᠨ᠂ ᠼᠦᠢ ᠳ᠋ᠣᠣ ᠬᠤ᠋᠂ ᠯᠢᠦ ᠱᠤ᠋ ᠸᠧᠢ | ᠵᠡᠷᠭᠡ 6 ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠵᠡᠪᠰᠡᠭ ᠲᠣᠨᠣᠭᠯᠠᠯ ᠤᠨ ᠲᠤᠷᠰᠢᠯᠲᠠ ᠶᠢᠨ ᠬᠢᠨᠠᠨ | ᠲᠣᠭᠲᠠᠭᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ | ᠰᠢᠨ᠎ᠡ ᠶᠢ ᠡᠭᠦᠳᠬᠦ᠂ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ᠂ ᠴᠡᠷᠢᠭ ᠤᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠪᠠᠲᠤᠯᠠᠭ᠎ᠠ ᠶᠢ ᠴᠢᠩᠭᠠᠳᠬᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠵᠢᠭᠰᠠᠭᠠᠯ ᠤᠨ ᠭᠠᠵᠠᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ | ᠮᠠᠨᠳᠤᠭᠰᠠᠨ ᠬᠦᠷᠢᠶᠡᠨ ᠤ ᠡᠬᠢ ᠪᠠᠶᠠᠯᠢᠭ ᠢ ᠰᠠᠶᠢᠲᠤᠷ ᠬᠡᠷᠡᠭᠯᠡᠬᠦ ᠵᠡᠷᠭᠡ ᠲᠠᠯ᠎ᠠ ᠪᠠᠷ ᠲᠤᠰ ᠲᠤᠰ ᠰᠠᠨᠠᠯ ᠰᠠᠨᠠᠭᠤᠯᠭ᠎ᠠ | ᠳᠤᠷᠠᠳᠪᠠ᠃ | ᠲᠥᠯᠥᠭᠡᠯᠡᠭᠴᠢᠳ ᠤᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢ ᠬᠡᠷᠡᠭᠵᠢᠭᠦᠯᠦᠭᠰᠡᠨ 4 ᠵᠢᠯ ᠭᠠᠷᠤᠢ ᠶᠢᠨ ᠲᠤᠷᠰᠢ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ | ᠣᠯᠣᠭᠰᠠᠨ ᠤ ᠬᠠᠮᠲᠤ ᠪᠠᠰᠠ ᠪᠠᠭ᠎ᠠ ᠪᠤᠰᠤ ᠵᠥᠷᠢᠴᠡᠯ ᠪᠠ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠠᠬᠢᠴᠠ ᠪᠠ ᠶᠠᠰᠤ | ᠴᠢᠨᠠᠷ᠂ ᠥᠪᠡᠷ ᠤᠨ ᠦᠷᠳᠡᠭ ᠪᠠ ᠦᠷ᠎ᠡ ᠠᠰᠢᠭ᠂ ᠪᠦᠭᠦ ᠲᠠᠯ᠎ᠠ ᠪᠠ ᠭᠤᠣᠯᠳᠠᠯᠭ᠎ᠠ᠂ ᠬᠥᠭᠵᠢᠯᠲᠡ ᠪᠠ ᠬᠢᠨᠠᠯᠲᠠ | ᠬᠠᠮᠢᠶᠠᠷᠤᠯᠲᠠ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠪᠠ ᠴᠢᠳᠠᠪᠤᠷᠢ ᠶᠢᠨ ᠪᠦᠷᠢᠯᠳᠦᠯ ᠤᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ᠂ ᠥᠪᠡᠷ ᠤᠨ ᠦᠷᠳᠡᠭ ᠳᠣᠣᠷ᠎ᠠ᠂ ᠦᠷᠭᠦᠯᠵᠢᠯᠡᠬᠦ | ᠬᠥᠭᠵᠢᠯᠲᠡ ᠶᠢᠨ ᠵᠠᠮ ᠢᠶᠠᠷ ᠵᠠᠮᠨᠠᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠡᠦᠬᠡ ᠶᠢᠨ ᠪᠠ ᠪᠣᠳᠠᠲᠤ | ᠲᠠᠶᠢᠨ ᠤ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠲᠦᠭᠵᠢᠷᠡᠯ ᠴᠡᠭ ᠬᠠᠷᠰᠢ ᠰᠠᠭᠠᠳ ᠪᠣᠯᠵᠤ | ᠪᠠᠶᠢᠭ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠰᠠᠯᠠᠭ᠎ᠠ ᠮᠥᠴᠢᠷ ᠠᠯᠤᠰᠯᠠᠨ ᠬᠦᠷᠢᠶ᠎ᠡ ᠴᠠᠷᠠᠭ᠎ᠠ ᠠᠯᠤᠰᠯᠠᠨ ᠴᠡᠷᠢᠭ | ᠠᠩᠭᠢ ᠣᠷᠣᠨ ᠨᠤᠲᠤᠭ ᠠᠯᠤᠰᠯᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ | ᠬᠡᠷᠡᠭᠯᠡᠯᠲᠡ ᠪᠠ ᠬᠠᠩᠭᠠᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠠᠵᠢᠯ ᠤᠨ ᠴᠢᠭᠯᠡᠯ ᠤᠨ | ᠨᠢᠭᠡᠳᠦᠯᠲᠦ ᠴᠢᠨᠠᠷ ᠢ ᠴᠢᠩᠭᠠᠳᠬᠠᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠬᠡᠯᠬᠢᠶ᠎ᠡ ᠵᠠᠮ ᠱᠤᠭᠤᠮ ᠢ ᠪᠦᠭᠦ ᠬᠦᠴᠦᠨ ᠢᠶᠠᠷ | ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠤᠳᠤ ᠦᠶ᠎ᠡ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠠᠷᠭ᠎ᠠ ᠪᠠᠷᠢᠯ ᠢ | ᠴᠢᠳᠠᠮᠠᠭᠠᠢ ᠬᠡᠷᠡᠭᠯᠡᠵᠦ᠂ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ | ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃ ᠠᠵᠢᠯᠴᠢ ᠠᠷᠪᠢᠴᠢ ᠪᠠᠷ ᠴᠡᠷᠢᠭ ᠢ ᠪᠠᠶᠢᠭᠤᠯᠬᠤ ᠶᠢ ᠪᠠᠷᠢᠮᠲᠠᠯᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠣᠷᠣᠭᠤᠯᠤᠯᠲᠠ ᠶᠢᠨ ᠬᠠᠨᠳᠤᠰᠢ ᠪᠠ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠵᠠᠷᠤᠳᠠᠯ ᠤᠨ ᠬᠡᠷᠡᠭᠯᠡᠯᠲᠡ ᠶᠢᠨ ᠣᠨᠣᠪᠴᠢ ᠶᠢᠨ ᠬᠡᠮᠵᠢᠶ᠎ᠡ ᠪᠠ ᠦᠷ᠎ᠡ ᠠᠰᠢᠭ | ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠭᠡ ᠰᠢᠰᠲ᠋ᠧᠮ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠴᠡᠷᠢᠭ ᠠᠩᠭᠢ ᠪᠠ ᠣᠷᠣᠨ ᠨᠤᠲᠤᠭ ᠤᠨ | ᠬᠠᠮᠲᠤᠷᠠᠯ ᠬᠦᠴᠦᠨ ᠢ ᠴᠢᠩᠭᠠᠳᠬᠠᠵᠤ᠂ ᠣᠷᠣᠨ ᠨᠤᠲᠤᠭ ᠤᠨ ᠳᠠᠪᠠᠭᠤᠯᠢᠭ ᠬᠦᠴᠦᠨ ᠪᠠ ᠡᠬᠢ ᠪᠠᠶᠠᠯᠢᠭ ᠢ ᠰᠠᠶᠢᠲᠤᠷ | ᠠᠰᠢᠭᠯᠠᠵᠤ᠂ ᠮᠠᠨ ᠤ ᠴᠡᠷᠢᠭ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ | ᠮᠠᠨ ᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠥᠷᠨᠢᠩᠭᠦᠢ ᠬᠥᠭᠵᠢᠯᠲᠡ ᠶᠢᠨ ᠠᠵᠠ ᠲᠣᠭᠢᠶᠠᠯ ᠢ | ᠠᠮᠵᠢᠵᠤ᠂ ᠲᠠᠶᠢᠴᠢᠨ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠲᠡᠷᠢᠭᠦᠨ ᠤ | ᠮᠡᠷᠭᠡᠵᠢᠯ ᠢ ᠪᠤᠰᠢᠭᠤ ᠱᠠᠯᠠᠮᠠᠭᠠᠢ ᠪᠠᠷ ᠴᠤᠤᠷᠢᠶᠠᠲᠤᠨ ᠲᠠᠭᠠᠬᠤ ᠪᠠ ᠲᠦᠷᠭᠡᠨ ᠣᠨᠳᠣᠣᠰᠢᠭᠤᠯᠬᠤ ᠲᠣᠭᠲᠠᠴᠠ ᠶᠢ | ᠪᠦᠷᠢᠨᠰᠢᠭᠦᠯᠵᠦ᠂ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠥᠯᠦᠪᠵᠢᠭᠦᠯᠭᠡ ᠶᠢ ᠬᠡᠷᠡᠭᠵᠢᠭᠦᠯᠬᠦ ᠪᠦᠭᠦ ᠶᠠᠪᠤᠴᠠ ᠳᠤ ᠲᠤᠰᠬᠠᠶᠢᠵᠢᠭᠰᠠᠨ ᠦᠨᠡᠯᠡᠯᠲᠡ ᠬᠢᠬᠦ ᠶᠢ | ᠥᠷᠨᠢᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠦᠨᠡᠯᠡᠵᠦ ᠭᠠᠷᠭᠠᠬᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ | ᠦᠨᠡᠯᠡᠵᠦ ᠭᠠᠷᠭᠠᠬᠤ᠂ ᠰᠢᠰᠲ᠋ᠧᠮᠵᠢᠭᠰᠡᠨ ᠪᠠᠶᠢᠯᠳᠤᠬᠤ ᠴᠢᠳᠠᠪᠤᠷᠢ ᠶᠢ ᠦᠨᠡᠯᠡᠵᠦ ᠭᠠᠷᠭᠠᠬᠤ ᠬᠡᠷᠡᠭᠲᠡᠢ᠃ | ᠬᠢᠨᠠᠯᠲᠠ ᠬᠠᠮᠢᠶᠠᠷᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠦᠷᠢᠨ ᠲᠡᠭᠦᠯᠳᠡᠷ ᠪᠦᠲᠦᠮᠵᠢᠲᠡᠢ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠭᠤᠰᠤᠯᠴᠠᠭᠤᠯᠤᠨ ᠬᠢᠨᠠᠯᠲᠠ ᠲᠠᠯᠪᠢᠬᠤ᠂ ᠬᠤᠯᠪᠤᠭᠠᠯᠠᠨ ᠬᠢᠨᠠᠨ | ᠪᠤᠳᠤᠬᠤ ᠶᠢ ᠴᠢᠩᠭᠠᠳᠬᠠᠵᠤ᠂ ᠢᠯᠵᠢᠷᠡᠯ ᠤᠨ ᠠᠰᠠᠭᠤᠳᠠᠯ ᠢ ᠭᠦᠨᠵᠡᠭᠡᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠨᠠᠯᠲᠠ | ᠬᠠᠮᠢᠶᠠᠷᠤᠯᠲᠠ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠦᠵᠡᠭᠦᠯᠭᠦ ᠦᠢᠯᠡᠴᠢᠯᠡᠬᠦ ᠪᠠ ᠠᠬᠢᠭᠤᠯᠬᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠤᠨ ᠶᠠᠰᠤ ᠴᠢᠨᠠᠷ ᠢᠶᠠᠷ ᠦᠨᠳᠦᠰᠦᠨ ᠵᠦᠢᠯ ᠢ | ᠪᠠᠲᠤᠯᠠᠬᠤ᠂ ᠴᠢᠳᠠᠪᠤᠷᠢ ᠪᠠᠷ ᠦᠨᠳᠦᠰᠦᠨ ᠵᠦᠢᠯ ᠢ ᠪᠠᠲᠤᠯᠠᠬᠤ᠂ ᠠᠷᠢᠭᠤᠨ ᠴᠢᠬᠡᠴᠢ ᠪᠠᠷ ᠦᠨᠳᠦᠰᠦᠨ ᠵᠦᠢᠯ ᠢ | ᠪᠠᠲᠤᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |