ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ | 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ ︽︿ᠲᠦᠷᠭᠡᠨ | ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ | ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ | ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ | ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ | ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ | ᠪᠤᠰᠤ ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ | ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ | ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ ᠨᠡᠶᠢᠲᠡᠯᠡᠵᠦ᠂ ᠠᠯᠢ ᠲᠦᠷᠭᠡᠨ ᠢᠶᠠᠷ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ | ᠳᠡᠭᠡᠷ᠎ᠡ ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ | ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ | ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ | ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ | ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ | ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ | ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ | ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ | ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ | ︽ᠳᠦᠷᠢᠮ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ ᠪᠣᠭᠤᠳᠠᠯ ᠢ ᠪᠣᠬᠢᠷᠲᠤᠯ ᠦᠭᠡᠢ | ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠬᠦ᠋ᠢᠴᠡ ᠶᠢ ᠠᠬᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ | ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ᠃ ᠰᠢᠰᠲ᠋ᠧᠮᠵᠢᠭᠦᠯᠦᠨ ᠵᠠᠰᠠᠬᠤ᠂ | ᠬᠠᠮᠵᠢᠯᠴᠠᠨ ᠵᠠᠰᠠᠬᠤ ᠶᠢ ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ ᠦᠢᠯᠡᠳᠪᠦᠷᠢᠯᠡᠯ ᠤᠨ ᠠᠵᠤ ᠠᠬᠤᠶᠢᠯᠠᠯ᠂ | ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ ᠬᠡᠷᠡᠭᠯᠡᠭᠴᠢᠳ ᠢ ᠬᠥᠲᠥᠯᠥᠨ ᠵᠢᠯᠤᠭᠤᠳᠴᠤ | ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠭᠡᠨ | ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ ᠡᠭᠡᠭᠦᠯᠦᠨ ᠬᠤᠷᠢᠶᠠᠬᠤ᠂ ᠤᠬᠢᠶᠠᠵᠤ | ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ | ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |