ᠲᠣᠪᠴᠢ ᠨᠠᠮᠲᠠᠷ | ᠼᠤᠤ ᠸᠧᠨ ᠴᠢᠩ᠂ ᠡᠷᠡᠭᠲᠡᠢ᠂ 1968 ᠣᠨ ᠤ 6 ᠰᠠᠷ᠎ᠠ ᠳᠤ ᠲᠦᠷᠦᠵᠠᠢ᠂ ᠬᠢᠲᠠᠳ ᠦᠨᠳᠦᠰᠦᠲᠡᠨ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠬᠢ ᠶᠢᠨ ᠠᠵᠤ ᠠᠬᠤᠢ ᠶᠢᠨ | ᠬᠠᠮᠢᠶᠠᠷᠤᠯᠲᠠ ᠶᠢᠨ ᠲᠤᠰᠬᠠᠢ ᠮᠡᠷᠭᠡᠵᠢᠯ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠬᠢᠨᠠᠨ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ | ᠡᠭᠦᠷᠭᠡᠯᠡᠵᠣ ᠪᠣᠢ᠃ | | | ᠠᠵᠢᠯ ᠤᠨ ᠬᠤᠪᠢᠶᠠᠷᠢᠯᠠᠯ | ᠠᠶᠢᠮᠠᠭ ᠤᠨ ᠳᠠᠷᠤᠭ᠎ᠠ ᠶᠢ ᠬᠠᠪᠰᠤᠷᠴᠦ ᠲᠣᠭᠲᠠᠭᠤᠨ ᠢ ᠬᠠᠮᠠᠭᠠᠯᠠᠬᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠬᠢᠭᠡᠳ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ | ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠦᠯᠦᠪᠵᠢᠭᠦᠯᠦᠨ᠎ᠡ᠃ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠪᠠᠶᠢᠴᠠᠭᠠᠬᠤ ᠬᠤᠷᠢᠶᠠᠨ ᠤ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠬᠤᠷᠢᠶ᠎ᠠ᠂ ᠠᠶᠢᠮᠠᠭ ᠤᠨ | ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠰᠢᠯᠢ ᠶᠢᠨ ᠭᠤᠤᠯ ᠠᠶᠢᠮᠠᠭ ᠤᠨ | ᠰᠠᠯᠪᠤᠷᠢ ᠠᠩᠭᠢ᠂ ᠰᠢᠯᠢ ᠶᠢᠨ ᠭᠤᠤᠯ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠲᠠᠢ | ᠬᠠᠷᠢᠯᠴᠠᠨ᠎ᠠ᠃ | ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |