ᠲᠣᠪᠴᠢ ᠨᠠᠮᠲᠠᠷ | ᠵᠠᠩ ᠢ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 11 ᠰᠠᠷ᠎ᠠ ᠳᠤ ᠲᠦᠷᠦᠵᠠᠢ᠂ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠤᠰᠬᠠᠢ ᠮᠡᠷᠭᠡᠵᠢᠯ ᠤᠨ ᠮᠠᠰᠲ᠋ᠧᠷ ᠮᠠᠭᠢᠰᠲ᠋ᠧᠷ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠭᠡᠰᠢᠭᠦᠨ᠃ | ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠠᠶᠢᠮᠠᠭ ᠤᠨ | ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠣ ᠪᠣᠢ᠃ | | | ᠠᠵᠢᠯ ᠤᠨ ᠬᠤᠪᠢᠶᠠᠷᠢᠯᠠᠯ | ᠵᠠᠬᠢᠷᠭ᠎ᠠ ᠶᠢᠨ ᠪᠠᠶᠢᠩᠭᠤ ᠶᠢᠨ ᠠᠵᠢᠯ ᠢ ᠬᠠᠷᠢᠭᠤᠴᠠᠵᠤ᠂ ᠠᠶᠢᠮᠠᠭ ᠤᠨ ᠳᠠᠷᠤᠭ᠎ᠠ ᠶᠢ ᠬᠠᠮᠵᠢᠨ | ᠶᠡᠷᠦᠩᠬᠡᠶᠢᠯᠡᠭᠰᠡᠨ ᠠᠵᠤ ᠠᠬᠤᠶ᠂ ᠬᠥᠭᠵᠢᠭᠦᠯᠦᠯᠲᠡ ᠥᠭᠡᠷᠡᠴᠢᠯᠡᠯᠲᠡ᠂ ᠦᠢᠯᠡᠴᠢᠯᠡᠭᠡᠨ ᠤ ᠦᠢᠯᠡᠰ᠂ ᠡᠳ᠋ ᠤᠨ | ᠵᠠᠰᠠᠭ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭ᠎ᠠ | ᠪᠦᠷᠢᠳᠬᠡᠯ᠂ ᠰᠤᠷᠭᠠᠨ ᠬᠥᠮᠦᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ︵ᠵᠠᠰᠠᠭ ᠤᠨ ᠶᠠᠪᠤᠳᠠᠯ ᠢ ᠢᠯᠡ | ᠪᠣᠯᠭᠠᠬᠤ︶᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠣᠭᠠᠴᠢᠯᠠᠭᠰᠠᠨ ᠠᠵᠤ ᠠᠬᠤᠶ | ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠪᠠᠶᠢᠭᠤᠯᠭ᠎ᠠ ᠶᠢᠨ ᠶᠠᠪᠤᠳᠠᠯ᠂ ᠠᠷᠠᠳ ᠠᠴᠠ ᠡᠵᠡᠩᠨᠡᠭᠰᠡᠨ ᠠᠵᠤ ᠠᠬᠤᠶ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ | ᠲᠦᠯᠦᠪᠵᠢᠬᠦᠯᠦᠨ᠎ᠡ᠃ | ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ | ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠭᠤᠷᠬᠠᠶ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠢᠯᠢ ᠶᠢᠨ ᠭᠤᠤᠯ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶᠂ | ᠪᠡᠭᠡᠵᠢᠩ ᠳᠤ ᠰᠠᠭᠤᠭ᠎ᠠ ᠬᠠᠷᠢᠯᠴᠠᠬᠤ ᠭᠠᠵᠠᠷ᠂ ᠰᠢᠩ ᠹᠦ᠋ ᠪᠠᠯᠠ ᠣᠷᠣᠭᠤᠯᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ | ᠠᠶᠢᠮᠠᠭ ᠤᠨ ᠳᠠᠷᠤᠭ᠎ᠠ ᠶᠢ ᠬᠠᠪᠰᠤᠷᠤᠨ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ | ᠬᠠᠮᠢᠶᠠᠷᠤᠨ᠎ᠠ᠃ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠠᠶᠢᠮᠠᠭ ᠤᠨ | ᠤᠯᠤᠰ ᠲᠥᠷᠥ ᠶᠢᠨ ᠵᠥᠪᠯᠡᠯᠭᠡᠨ᠂ ᠠᠶᠢᠮᠠᠭ ᠤᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ | ᠪᠦᠯᠦᠭ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ᠂ ᠨᠡᠶᠢᠭᠡᠮ ᠵᠢᠷᠤᠮᠲᠦ ᠳᠡᠭᠡᠳᠦ ᠰᠤᠷᠭᠠᠭᠤᠯᠢ︶᠂ ᠠᠶᠢᠮᠠᠭ ᠤᠨ ᠬᠠᠮᠲᠤᠷᠠᠯᠴᠠᠭ᠎ᠠ ᠰᠣᠯᠢᠯᠴᠠᠭᠠᠨ ᠤ | ᠲᠥᠪ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠠᠶᠢᠮᠠᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠢ ᠶᠢᠨ ᠭᠤᠤᠯ ᠪᠠᠶᠢᠴᠠᠭᠠᠬᠤ | ᠠᠩᠭᠢ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ | ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠲᠠᠪᠤᠳᠤᠭᠠᠷ ᠭᠠᠵᠠᠷ᠂ ᠠᠶᠢᠮᠠᠭ ᠤᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ᠂ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠲᠣᠪᠴᠢᠶ᠎ᠠ᠂ | ᠰᠢᠯᠢ ᠶᠢᠨ ᠭᠤᠤᠯ ᠠᠶᠢᠮᠠᠭ ᠲᠤ ᠰᠠᠭᠤᠭ᠎ᠠ ᠡᠯ᠎ᠡ ᠪᠠᠩᠬᠢ᠂ ᠳᠠᠭᠠᠳᠬᠠᠯ᠂ ᠦᠨᠡᠲᠦ ᠲᠡᠮᠳᠡᠭᠲᠦ ᠶᠢᠨ | ᠪᠠᠶᠢᠭᠤᠯᠤᠮᠵᠢ ᠲᠠᠢ ᠬᠠᠷᠢᠯᠴᠠᠨ᠎ᠠ᠃ | ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | |