ᠲᠣᠪᠴᠢ ᠨᠠᠮᠲᠠᠷ | ᠵᠢᠶ ᠬᠦᠶ ᠯᠢ᠂ ᠡᠮᠡᠭᠲᠡᠶ᠂ ᠮᠣᠩᠭᠤᠯ ᠦᠨᠳᠦᠰᠦᠲᠡᠨ᠂ 1975 ᠣᠨ ᠤ 10 ᠰᠠᠷ᠎ᠠ ᠳᠤ ᠳᠦᠷᠦᠵᠡᠶ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭᠠᠨ ᠤ | ᠭᠡᠰᠢᠭᠦᠨ᠃ | ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠳᠡᠳ᠋ | ᠳᠠᠷᠤᠭ᠎ᠠ ᠶᠢᠨ ᠲᠤᠰᠢᠶᠠᠯ ᠡᠭᠦᠷᠭᠡᠯᠡᠵᠦ ᠪᠣᠢ᠃ | | | ᠠᠵᠢᠯ ᠤᠨ ᠬᠤᠪᠢᠶᠠᠷᠢᠯᠠᠯ | ᠠᠶᠢᠮᠠᠭ ᠤᠨ ᠳᠠᠷᠤᠭ᠎ᠠ ᠶᠢ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ᠂ ᠠᠷᠠᠳ ᠤᠨ ᠶᠠᠪᠤᠳᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮ ᠡᠮᠨᠡᠯᠭᠡ ᠶᠢᠨ ᠪᠠᠲᠤᠯᠠᠭ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠪᠠ ᠨᠠᠰᠤᠵᠢᠯ ᠤᠨ ᠠᠰᠠᠷᠠᠮᠵᠢ᠂ ᠡᠷᠡᠭᠦᠯᠵᠢᠯ ᠰᠤᠪᠢᠯᠠᠯᠲᠠ | ᠵᠡᠷᠭᠡ ᠬᠦᠷᠢᠶ᠎ᠡ ᠴᠠᠷᠠᠭᠠᠨ ᠳᠠᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠠᠷᠢᠭᠤᠴᠠᠨ᠎ᠠ᠃ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠰᠢᠯᠢ ᠶᠢᠨ ᠭᠤᠤᠯ ᠴᠡᠷᠢᠭ ᠤᠨ ᠬᠤᠪᠢᠶᠠᠷᠢ ᠲᠣᠭᠤᠷᠢᠭ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠷᠢᠯᠴᠠᠨ᠎ᠠ᠃ | ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | |