ᠲᠣᠪᠴᠢ ᠨᠠᠮᠲᠠᠷ | ᠬᠤᠸᠠᠩ ᠶᠦᠩ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 6 ᠰᠠᠷ᠎ᠠ ᠳᠤ ᠲᠦᠷᠦᠵᠠᠢ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠣ ᠪᠣᠢ᠃ | | | ᠠᠵᠢᠯ ᠤᠨ ᠬᠤᠪᠢᠶᠠᠷᠢᠯᠠᠯ | ᠠᠶᠢᠮᠠᠭ ᠤᠨ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠳᠡᠳᠬᠦᠨ ᠳᠡᠮᠵᠢᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ | ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠶᠢ ᠬᠠᠮᠵᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋ | ᠳᠠᠷᠤᠭ᠎ᠠ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ | ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ | ᠬᠤᠪᠢᠳᠠᠨ ᠬᠠᠮᠢᠶᠠᠷᠤᠨ᠎ᠠ᠃ | ᠠᠶᠢᠮᠠᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠠᠶᠢᠮᠠᠭ ᠤᠨ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠲᠠᠢ ᠬᠠᠷᠢᠯᠴᠠᠨ᠎ᠠ᠃ | ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | |