ᠰᠦᠨ ᠵᠧᠨ ᠵᠢᠶᠠᠩ
ᠨᠡᠶᠢᠲᠡᠯᠡᠭᠰᠡᠨ ᠴᠠᠭ᠄
2025/3/17
ᠲᠣᠪᠴᠢ ᠨᠠᠮᠲᠠᠷ      ᠰᠦᠨ ᠵᠧᠨ ᠵᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 7 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃      ᠤᠳᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠣ ᠪᠣᠢ᠃ᠠᠵᠢᠯ ᠤᠨ ᠬᠤᠪᠢᠶᠠᠷᠢᠯᠠᠯ      ᠠᠶᠢᠮᠠᠭ ᠤᠨ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ᠂ ᠣᠶ ᠰᠢᠭᠤᠶ ᠪᠠ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠮᠠᠯ ᠠᠵᠤ ᠠᠬᠤᠶ ᠲᠠᠷᠢᠶᠠᠯᠠᠩ᠂ ᠠᠮᠢ ᠠᠬᠤᠶ ᠶᠢᠨ ᠠᠵᠤ ᠦᠢᠯᠡᠰ ᠵᠡᠷᠭᠡ ᠬᠦᠷᠢᠶ᠎ᠡ ᠴᠠᠷᠠᠭᠠᠨ ᠳᠠᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠠᠷᠢᠭᠤᠴᠠᠨ᠎ᠠ᠃      ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ︶᠂ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ᠂ ᠬᠤᠲᠠ ᠬᠥᠳᠡᠭᠡ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠠᠶᠢᠮᠠᠭ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠤᠰᠤ ᠰᠢᠨᠵᠢᠯᠡᠭᠡᠨ ᠤ ᠲᠣᠪᠴᠢᠶ᠎ᠠ ᠲᠠᠢ ᠬᠠᠷᠢᠯᠴᠠᠨ᠎ᠠ᠃      ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号